︽ᠡᠨᠡ ᠨᠠᠰᠤᠨ ᠳᠠᠭᠠᠨ ᠵᠥᠪᠬᠡᠨ ︿ᠰᠣᠬᠤᠷ ᠬᠥᠮᠥᠨ﹀ ᠪᠣᠯᠵᠤ ᠴᠢᠳᠠᠨ᠎ᠠ ᠭᠡᠵᠦ ᠪᠢ ᠪᠣᠳᠣᠵᠤ ᠣᠯᠣᠭᠰᠠᠨ | ᠦᠭᠡᠢ᠂ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠣᠯᠣᠨ ᠴᠤᠤ ᠵᠢᠤᠢ ᠨᠢᠳᠦᠨ ᠤ ᠡᠮᠨᠡᠯᠭᠡ ᠶᠢᠨ | ᠬᠤᠷᠢᠶᠠᠨ ᠤ ᠡᠮᠴᠢ ᠨᠠᠷ ᠨᠠᠳᠠ ᠳᠤ ᠨᠢᠳᠦᠨ ᠤ ᠡᠪᠡᠳᠴᠢᠨ ᠢ ᠵᠠᠰᠠᠵᠤ ᠥᠭᠴᠡᠢ᠂ ᠪᠢ ᠲᠠᠬᠢᠨ ᠭᠡᠷᠡᠯ ᠭᠡᠭᠡ ᠶᠢ | ᠣᠯᠵᠤ ᠬᠠᠷᠠᠭᠠᠳ᠂ ᠨᠠᠮ ᠪᠠ ᠤᠯᠤᠰ ᠲᠤ ᠲᠠᠯᠠᠷᠬᠠᠵᠤ ᠪᠠᠶᠢᠨ᠎ᠠ᠂ ᠰᠢᠶᠠᠨ ᠤ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠤᠨ ᠺᠠᠳ᠋ᠷ ᠪᠠ ᠴᠤᠤ ᠵᠢᠤᠢ ᠨᠢᠳᠦᠨ ᠤ ᠡᠮᠨᠡᠯᠭᠡ ᠶᠢᠨ ᠬᠤᠷᠢᠶᠠᠨ ᠤ ᠡᠮᠴᠢ ᠳᠤ ᠲᠠᠯᠠᠷᠬᠠᠵᠤ ᠪᠠᠶᠢᠨ᠎ᠠ︕︾ | ᠡᠨᠡ ᠵᠢᠯ ᠤᠨ 4 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠵᠦᠸᠧᠽᠢ ᠰᠢᠶᠠᠨ ᠤ ᠰᠢᠪᠠᠷᠲᠠᠢ | ᠪᠠᠯᠭᠠᠰᠤᠨ ᠤ ᠶᠢᠨ ᠴᠧᠩ ᠸᠠ ᠲᠣᠰᠬᠤᠨ ᠤ ᠬᠠᠨ ᠼᠦᠢ ᠮᠧᠶ ᠴᠠᠭᠠᠨ ᠬᠠᠷᠠᠩ ᠤᠨ ᠮᠡᠰᠡ ᠵᠠᠰᠠᠯ ᠤᠨ ᠱᠠ ᠪᠥᠰ ᠢ | ᠨᠡᠭᠡᠭᠡᠬᠦ ᠳᠤ ᠰᠡᠳᠬᠢᠯ ᠳᠣᠭᠳᠣᠯᠤᠨ ᠬᠡᠯᠡᠪᠡ᠃ | ᠬᠠᠨ ᠼᠦᠢ ᠮᠧᠢ ᠭᠡᠭᠡᠨ ᠰᠠᠷᠠᠭᠤᠯ ᠢ ᠲᠠᠬᠢᠨ ᠣᠯᠵᠤ ᠬᠠᠷᠠᠭᠠᠳ ᠵᠥᠪᠬᠡᠨ ᠵᠦᠸᠧᠽᠢ ᠰᠢᠶᠠᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠤᠨ ᠠᠷᠠᠳ ᠲᠦᠮᠡᠨ ᠳᠤ ᠦᠢᠯᠡᠴᠢᠯᠡᠬᠦ ᠵᠢᠵᠢᠭ ᠠᠶᠠᠰ ᠪᠣᠯᠤᠨ᠎ᠠ᠃ ᠡᠨᠡ ᠵᠢᠯ ᠠᠴᠠ | ᠨᠠᠰᠢ᠂ ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ︽ᠬᠥᠮᠦᠯᠢᠭ ᠶᠣᠰᠣ᠂ ᠲᠦᠭᠡᠮᠡᠯ ᠬᠠᠶᠢᠷ᠎ᠠ᠂ | ᠬᠤᠪᠢ ᠨᠡᠮᠡᠷᠢ ᠦᠵᠡᠭᠦᠯᠬᠦ︾ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠲᠤᠭ᠎ᠠ ᠲᠣᠮᠰᠢ ᠦᠭᠡᠢ ᠬᠠᠶᠢᠷ᠎ᠠ | ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠰᠠᠴᠤᠨ ᠬᠦᠷᠭᠡᠪᠡ᠃ | ᠠᠵᠢᠯᠯᠠᠭ᠎ᠠ ᠶᠢ ᠰᠠᠶᠢᠲᠤᠷ ᠠᠳᠬᠤᠵᠤ᠂ ᠤᠨᠢᠨ ᠳᠡᠭᠡᠷ᠎ᠡ ᠨᠢ ᠬᠠᠶᠢᠷ᠎ᠠ ᠬᠠᠯᠠᠮᠵᠢ ᠶᠢ ᠬᠦᠷᠭᠡᠨ᠎ᠡ᠃ ᠡᠮᠴᠢᠯᠡᠭᠡᠨ ᠤ | ᠰᠠᠯᠠᠭ᠎ᠠ ᠮᠥᠴᠢᠷ ᠲᠠᠢ ᠬᠠᠮᠵᠢᠯᠴᠠᠨ᠂ ᠲᠣᠮᠣ ᠳ᠋ᠠᠶᠢᠲ᠋ᠠ ᠶᠢᠨ ᠠᠷᠭ᠎ᠠ ᠪᠠᠷᠢᠯ ᠢ ᠬᠡᠷᠡᠭᠯᠡᠨ᠂ ︽ᠭᠡᠷᠡᠯ ᠭᠡᠭᠡ ᠶᠢᠨ | ᠠᠶᠠᠯᠠᠯ︾ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠪᠥᠬᠦ ᠰᠢᠶᠠᠨ ᠤ | ᠴᠠᠭᠠᠨ ᠬᠠᠷᠠᠩ ᠨᠢᠳᠦᠨ ᠤ ᠡᠪᠡᠳᠴᠢᠨ ᠳᠤ ᠨᠡᠷᠪᠡᠭᠳᠡᠭᠰᠡᠳ ᠲᠤ ᠲᠣᠤᠷ ᠲᠠᠲᠠᠬᠤ ᠮᠠᠶ᠋ᠢᠭ ᠤᠨ ᠰᠢᠭᠰᠢᠨ | ᠪᠠᠶᠢᠴᠠᠭᠠᠯᠲᠠ ᠬᠢᠵᠦ᠂ 96 ᠴᠠᠭᠠᠨ ᠬᠠᠷᠠᠩ ᠤᠨ ᠠᠷᠭ᠎ᠠ ᠴᠢᠨᠠᠷᠲᠠᠶ ᠡᠪᠡᠳᠴᠢᠲᠡᠨ ᠢ ᠪᠠᠶᠢᠴᠠᠭᠠᠨ ᠭᠠᠷᠭᠠᠵᠤ᠂ | ᠪᠠᠶᠢᠳᠠᠯ ᠢ ᠬᠤᠪᠢᠶᠠᠨ ᠡᠮᠨᠡᠭᠦᠯᠵᠦ᠂ 103 ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ︽ᠲᠠᠪᠤᠨ ᠪᠠᠲᠤᠯᠠᠭᠠᠲᠤ | ᠡᠷᠦᠬᠡ︾ ᠶᠢᠨ ᠡᠪᠡᠳᠴᠢᠲᠡᠨ ᠢ ᠬᠠᠪᠰᠤᠷᠤᠨ ᠬᠠᠷᠠᠭ᠎ᠠ ᠣᠷᠣᠭᠤᠯᠬᠤ ᠮᠡᠰᠡ ᠵᠠᠰᠠᠯ ᠬᠢᠵᠦ᠂ ᠨᠥᠬᠦᠴᠡᠯ ᠳᠤ ᠨᠡᠶᠢᠴᠡᠬᠦ | 19 ᠬᠦᠴᠢᠷᠳᠡᠯᠲᠡᠶ ᠬᠡᠷ ᠪᠦᠯᠢ ᠶᠢᠨ ᠬᠡᠤᠬᠡᠳ ᠲᠤ ᠬᠢᠷᠢ ᠲᠡᠩᠴᠡᠭᠰᠡᠨ ᠣᠶᠢᠷ᠎ᠠ ᠬᠠᠷᠠᠩ ᠲᠣᠬᠢᠷᠠᠭᠤᠯᠵᠤ ᠥᠭᠪᠡ᠃ | ᠤᠯᠠᠭᠠᠨ ᠵᠠᠭᠠᠯᠮᠠᠶᠢᠲᠠᠨ ᠤ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠵᠦ | ᠂ ᠶᠡᠷᠦᠩᠬᠡᠶ ᠥᠷᠲᠡᠭ ᠨᠢ 20 ᠲᠦᠮᠡᠨ ᠲᠥᠭᠦᠷᠢᠭ ᠰᠢᠬᠠᠮ ᠲᠣᠬᠤᠨᠢᠭᠤᠯᠬᠤ ᠡᠳ᠋ ᠪᠣᠳᠠᠰ ᠢ ᠪᠦᠬᠦᠨ ᠢ ᠡᠯ᠎ᠡ | ᠰᠢᠶᠠᠩ ᠪᠠᠯᠭᠠᠰᠤ ᠨᠡᠶᠢᠭᠡᠮ ᠲᠣᠭᠤᠷᠢᠭ ᠤᠨ ᠬᠦᠴᠢᠷᠳᠡᠯᠲᠡᠶ ᠣᠯᠠᠨ ᠲᠦᠮᠡᠨ᠂ ᠪᠡᠶ᠎ᠡ ᠵᠡᠮᠳᠡᠭ ᠵᠣᠷᠢᠭ ᠬᠠᠲᠠᠭᠤ ᠠᠳᠠᠯ | ᠦᠶ᠋ᠯᠡᠰ ᠴᠣᠭᠴᠠᠯᠠᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠨᠡᠶᠢᠲᠡ ᠶᠢᠨ ᠮᠠᠰᠢᠨ | ᠲᠡᠷᠭᠡᠨ ᠵᠢᠯᠣᠭᠤᠴᠢ᠂ ᠴᠡᠷᠢᠭ ᠠᠴᠠ ᠬᠠᠯᠠᠭᠳᠠᠭᠰᠠᠳ ᠵᠡᠷᠭᠡ ᠬᠥᠮᠦᠰ ᠲᠤ ᠲᠠᠷᠬᠠᠭᠠᠪᠠ᠃ | ᠪᠠᠶᠠᠷ ᠤᠨ ᠡᠳᠦᠷ ᠢ ᠠᠳᠬᠤᠵᠤ᠂ ᠴᠠᠭ ᠲᠤᠬᠠᠢ ᠳᠤᠨᠢ ᠬᠠᠶᠢᠷ᠎ᠠ ᠬᠠᠯᠠᠮᠵᠢ ᠬᠦᠷᠭᠡᠵᠡᠢ᠃ ᠳ᠋ᠤᠸᠠᠨ ᠶᠠᠩ | ᠪᠠᠶᠠᠷ ᠤᠨ ᠡᠳᠦᠷ᠂ ᠲᠣᠰ ᠰᠢᠶᠠᠨ ᠤ ᠵᠦᠸᠧᠽᠢ ᠱᠠᠨ ᠪᠠᠯᠭᠠᠰᠤᠨ ᠤ ᠬᠤᠶᠢᠲᠤ ᠵᠡᠭᠡᠯᠢ ᠶᠢᠨ ᠨᠡᠶᠢᠭᠡᠮ ᠲᠣᠭᠤᠷᠢᠭ ᠲᠤ | ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ · ᠬᠠᠶᠢᠷ᠎ᠠ ᠲᠠᠢ ᠬᠠᠮᠲᠤ ᠶᠠᠪᠤᠬᠤ︾ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠥᠨᠥᠴᠢᠨ ᠪᠡᠯᠪᠡᠰᠦᠨ ᠨᠠᠰᠤᠲᠠᠳ ᠲᠤ ᠽᠦᠩᠽᠢ ᠵᠢᠴᠢ | ᠠᠮᠢᠳᠤᠷᠠᠯ ᠤᠨ ᠬᠡᠷᠡᠭᠰᠡᠯ ᠬᠦᠷᠭᠡᠪᠡ᠃ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠲᠤᠬᠠᠶ ᠶᠢᠨ ᠡᠳᠦᠷ᠂ ᠬᠥᠮᠦᠰ ᠢᠶᠠᠨ | ᠵᠣᠬᠢᠶᠠᠨ ᠪᠠᠶᠢᠭᠤᠯᠵᠤ ᠪᠠᠶᠠᠨᠰᠢᠯᠢ ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠪᠣᠯᠤᠨ ᠱᠢ ᠪᠠ ᠲᠠᠢ | ᠪᠠᠯᠭᠠᠰᠤᠨ ᠤ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ᠨᠠᠰᠤᠲᠠᠶᠢᠴᠤᠳ ᠲᠤ ᠠᠯᠮᠤᠷᠠᠳ᠂ ᠦᠵᠦᠮ᠂ | ᠶᠧᠪᠡᠩ ᠵᠡᠷᠭᠡ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠬᠦᠷᠭᠡᠪᠡ᠃ ᠶᠢᠰᠦᠨ ᠰᠠᠷ᠎ᠠ ᠶᠢᠨ ᠶᠢᠰᠦᠨ ᠤ | ᠪᠠᠶᠠᠷ ᠤᠨ ᠡᠳᠦᠷ᠂ ᠪᠤᠶᠢᠳᠠ ᠪᠥᠭᠯᠡᠭᠦᠦ᠂ ᠪᠤᠶᠢᠳᠠ ᠪᠥᠭᠯᠡᠭᠦᠤ ᠯᠢ ᠬᠤᠸᠠ ᠪᠠᠯᠭᠠᠰᠤᠨ ᠤ ᠵᠢᠦ ᠼᠠᠢ ᠭᠸᠤ | ᠲᠣᠰᠬᠤᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠲᠤ ᠦᠰᠦ | ᠵᠠᠰᠠᠬᠤ᠂ ᠰᠢᠯ ᠵᠦᠯᠭᠦᠬᠦ᠂ ᠴᠡᠪᠡᠷᠯᠡᠭᠡ ᠬᠢᠬᠦ᠂ ᠦᠨᠢᠶᠡᠨ ᠰᠦ ᠵᠡᠷᠭᠡ ᠪᠠᠶᠠᠷ ᠤᠨ ᠡᠳᠦᠷ ᠤᠨ ᠲᠣᠬᠤᠨᠢᠭᠤᠯᠬᠤ | ᠪᠣᠳᠠᠰ ᠲᠠᠷᠬᠠᠭᠠᠵᠤ᠂ ᠨᠠᠰᠤᠲᠠᠶᠢᠴᠤᠳ ᠢ ᠮᠠᠰᠢ ᠳᠤᠯᠠᠭᠠᠴᠠᠭᠤᠯᠪᠠ᠃ ᠪᠠᠭᠰᠢ ᠶᠢᠨ ᠪᠠᠶᠠᠷ ᠲᠤ᠂ ᠡᠯ᠎ᠡ | ᠰᠤᠷᠭᠠᠭᠤᠯᠢ ᠶᠢᠨ ᠪᠠᠭᠰᠢ ᠠᠵᠢᠯᠲᠠᠳ ᠲᠤ ᠪᠠᠶᠠᠷ ᠤᠨ ᠡᠳᠦᠷ ᠤᠨ ᠲᠣᠬᠤᠨᠢᠭᠤᠯᠬᠤ ᠪᠣᠳᠠᠰ ᠬᠦᠷᠭᠡᠭᠰᠡᠨ ᠪᠥᠭᠡᠳ | ᠰᠢᠶᠠᠨ ᠤ ᠳᠣᠲᠣᠷᠠᠬᠢ ᠤᠯᠠᠭᠠᠨ ᠵᠠᠭᠠᠯᠮᠠᠶᠢᠲᠠᠨ ᠤ ᠵᠢᠱᠢᠶ᠎ᠡ ᠦᠵᠡᠭᠦᠯᠬᠦ ᠰᠤᠷᠭᠠᠭᠤᠯᠢ ᠶᠢᠨ ᠣᠯᠠᠨ ᠬᠡᠤᠬᠡᠳ ᠲᠤ | ᠰᠤᠷᠤᠯᠭ᠎ᠠ ᠶᠢᠨ ᠬᠡᠷᠡᠭᠰᠡᠯ ᠪᠠ ᠣᠷᠣ ᠳᠡᠭᠡᠷᠡᠬᠢ ᠬᠡᠷᠡᠭᠰᠡᠯ ᠬᠦᠷᠭᠡᠭᠰᠡᠨ ᠪᠠᠶᠢᠨ᠎ᠠ᠃ | ᠦᠢᠯᠡᠴᠢᠯᠡᠭᠡ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ | ᠬᠦᠴᠦᠨ ᠨᠡᠮᠡᠷᠢᠯᠡᠨ᠎ᠡ᠃ ᠤᠷᠢᠳ ᠬᠤᠵᠢᠳ ᠵᠦᠸᠧᠽᠢ ᠰᠢᠶᠠᠨ ᠤ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ᠂ | ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠴᠤᠤᠶᠠᠩ ᠳᠤᠮᠳᠠᠳᠤ ᠰᠤᠷᠭᠠᠭᠤᠯᠢ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠠᠬᠠᠮᠠᠳ ᠺᠠᠳ᠋ᠷᠴᠤᠳ ᠤᠨ ᠦᠢᠯᠡᠴᠢᠯᠡᠭᠡᠨ ᠤ ᠲᠥᠪ᠂ ᠬᠢᠲᠠᠳ | ᠮᠣᠩᠭᠤᠯ ᠡᠮᠨᠡᠯᠭᠡ ᠶᠢᠨ ᠬᠤᠷᠢᠶ᠎ᠠ᠂ ᠲᠦᠩ ᠯᠧ ᠠᠭᠤᠳᠠᠮ ᠲᠠᠯᠠᠪᠠᠢ ᠵᠡᠷᠭᠡ ᠭᠠᠵᠠᠷ ᠲᠤ ᠤᠯᠠᠨ ᠲᠠᠯᠠᠪᠤᠷ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠥᠷᠨᠢᠭᠦᠯᠵᠦ᠂ 2000 ᠬᠥᠮᠦᠨ ᠢ ᠲᠦᠭᠡᠮᠡᠯᠵᠢᠭᠦᠯᠦᠨ᠂ | 310 ᠬᠥᠮᠦᠨ ᠢ ᠪᠣᠯᠪᠠᠰᠤᠷᠠᠭᠤᠯᠵᠤ ᠭᠡᠷᠡᠴᠢ ᠠᠪᠤᠭᠤᠯᠵᠤ ᠪᠠᠶᠢᠪᠠ᠃ ᠵᠦᠸᠧᠽᠢ ᠰᠢᠶᠠᠨ ᠤ ᠠᠵᠢᠯ ᠮᠡᠷᠭᠡᠵᠢᠯ ᠤᠨ | ᠳᠤᠮᠳᠠᠳᠤ ᠰᠤᠷᠭᠠᠭᠤᠯᠢ᠂ ᠹᠦ᠋ ᠰᠢᠩ ᠰᠢᠶᠠᠩ ᠤᠨ ᠭᠤᠸᠠᠢ ᠵᠢᠶᠤᠤ ᠫᠦ᠋ ᠲᠣᠰᠬᠤᠨ ᠳᠤ ᠪᠠᠴᠢᠮ ᠪᠠᠶᠢᠳᠠᠯ ᠢ | ᠠᠷᠭᠠᠴᠠᠵᠤ ᠠᠪᠤᠷᠠᠬᠤ ᠴᠡᠭ ᠢ ᠰᠢᠨ᠎ᠡ ᠪᠠᠷ ᠪᠠᠶᠢᠭᠤᠯᠵᠤ᠂ ᠲᠦᠷᠭᠡᠨ ᠠᠪᠤᠷᠠᠬᠤ ᠬᠡᠷᠡᠭᠰᠡᠯ ᠢ ᠪᠠᠶᠢᠷᠢᠯᠠᠭᠤᠯᠵᠤ᠂ ᠪᠦᠬᠦ | ᠰᠢᠶᠠᠨ ᠤ 20 ᠨᠡᠶᠢᠲᠡ ᠶᠢᠨ ᠮᠠᠰᠢᠨ ᠲᠡᠷᠭᠡᠨ ᠳᠤ ᠲᠦᠷᠭᠡᠨ ᠠᠪᠤᠷᠠᠯᠲᠠ ᠶᠢᠨ ᠵᠢᠵᠢᠭ ᠡᠮ ᠤᠨ ᠬᠠᠶᠢᠷᠴᠠᠭ | ᠲᠤᠬᠢᠷᠠᠭᠤᠯᠵᠤ᠂ ᠠᠷᠢᠭᠤᠳᠬᠠᠬᠤ ᠰᠢᠩᠭᠡᠨ᠂ ᠴᠢᠰᠤ ᠵᠣᠭᠰᠣᠭᠠᠬᠤ ᠪᠦᠰᠡ᠂ ᠨᠠᠭᠠᠵᠤ ᠪᠣᠯᠬᠤ᠂ ᠢᠣᠳ᠋ ᠸᠣᠯᠲ | ᠵᠡᠷᠭᠡ 10 ᠭᠠᠷᠤᠢ ᠵᠦᠢᠯ ᠤᠨ ᠲᠦᠷᠭᠡᠨ ᠠᠪᠤᠷᠠᠯᠲᠠ ᠶᠢᠨ ᠬᠡᠷᠡᠭᠰᠡᠯ ᠢ ᠪᠠᠭᠲᠠᠭᠠᠵᠤ᠂ ᠵᠢᠯᠣᠭᠤᠴᠢ᠂ ᠠᠶᠠᠨᠴᠢᠳ ᠤᠨ | ᠶᠠᠪᠤᠵᠤ ᠰᠠᠭᠤᠬᠤ ᠠᠮᠤᠷ ᠲᠦᠪᠰᠢᠨ ᠳᠤ ᠪᠠᠲᠤᠯᠠᠭ᠎ᠠ ᠬᠠᠩᠭᠠᠪᠠ᠃ ︽ᠬᠠᠶᠢᠷ᠎ᠠ ᠬᠠᠯᠠᠮᠵᠢ ᠶᠢᠨ ᠰᠢᠯᠭᠠᠯᠲᠠ ᠳᠤ | ᠲᠤᠰᠠᠯᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠵᠦᠸᠧᠽᠢ ᠳᠤᠮᠳᠠᠳᠤ | ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠪᠠᠶᠢᠭᠤᠯᠵᠤ᠂ ᠭᠡᠷ ᠤᠨ | ᠠᠬᠠᠮᠠᠳ᠂ ᠰᠢᠯᠭᠠᠭᠤᠯᠤᠭᠴᠢ ᠳᠤ ᠰᠦᠢᠳᠬᠡᠯ ᠬᠤᠷᠢᠶᠠᠬᠤ ᠦᠭᠡᠢ ᠪᠠᠷ ᠤᠤᠭᠤᠬᠤ ᠤᠰᠤ ᠬᠠᠩᠭᠠᠬᠤ ᠶᠢᠨ ᠬᠠᠮᠲᠤ | ᠬᠠᠶᠢᠷ᠎ᠠ ᠬᠠᠯᠠᠮᠵᠢ ᠶᠢᠨ ᠲᠡᠷᠭᠡᠨ ᠠᠩᠭᠢ ᠶᠢ ᠵᠣᠬᠢᠶᠠᠨ ᠪᠠᠶᠢᠭᠤᠯᠵᠤ ᠰᠢᠨ ᠱᠧᠩ ᠤᠨ ᠰᠤᠷᠤᠭᠴᠢᠳ ᠲᠤ ᠬᠠᠶᠢᠷ᠎ᠠ | ᠬᠠᠯᠠᠮᠵᠢ ᠬᠦᠷᠭᠡᠬᠦ ᠦᠢᠯᠡᠴᠢᠯᠡᠭᠡ ᠬᠠᠩᠭᠠᠪᠠ᠃ ᠦᠨ᠎ᠡ ᠲᠥᠯᠥᠪᠦᠷᠢ ᠦᠭᠡᠶ ᠪᠠᠷ ᠴᠢᠰᠤ ᠡᠷᠭᠦᠬᠦ ᠪᠠ ᠴᠢᠰᠤ | ᠪᠦᠲᠦᠭᠡᠬᠦ ᠭᠤᠤᠯ ᠡᠰ ᠤᠨ ᠴᠢᠰᠤᠨ ᠤ ᠦᠯᠢᠭᠡᠷ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠵᠦ᠂ ᠴᠢᠰᠤ ᠪᠠᠨ | ᠶᠡᠭᠦᠯᠡᠭᠰᠡᠨ ᠶᠡᠷᠦᠩᠬᠡᠶ ᠬᠡᠮᠵᠢᠶ᠎ᠡ 96800m1 ᠳᠤ ᠬᠦᠷᠴᠦ᠂ ᠴᠢᠰᠤᠨ ᠤ ᠦᠯᠢᠭᠡᠷ 30 ᠦᠯᠢᠭᠡᠷ ᠠᠪᠬᠤ ᠶᠢ | ᠪᠡᠶᠡᠯᠡᠭᠦᠯᠦᠨ᠎ᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |