【 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠢ 】 ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠪᠣᠯᠤᠨ ᠬᠡᠦᠬᠡᠳ ᠤᠨ ᠴᠡᠴᠡᠷᠯᠢᠭ ᠬᠠᠮᠲᠤᠷᠠᠨ ︽ᠨᠠᠮ ᠤᠨ ᠪᠠᠶᠢᠭᠤᠯᠤᠯᠲᠠ ᠪᠦᠯᠬᠦᠮ ᠳᠠᠭᠠᠭᠤᠯᠤᠨ ᠬᠥᠭᠵᠢᠯᠲᠡ ᠶᠢ ᠠᠬᠢᠭᠤᠯᠵᠤ ᠠᠭᠤᠰᠤᠯᠴᠠᠨ ᠶᠠᠰᠤ ᠴᠢᠨᠠᠷ ᠢ ᠬᠠᠮᠲᠤᠪᠠᠷ ᠪᠠᠶᠢᠭᠤᠯᠵᠤ ᠰᠢᠨ᠎ᠡ ᠶᠢ ᠡᠭᠦᠳᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/27
   ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤᠳᠬᠠᠬᠤ ᠶᠢᠨ ᠲᠥᠯᠥᠭᠡ᠂ ᠣᠶᠢᠷ᠎ᠠ ᠳᠤ᠂ ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠨᠠᠮ ᠤᠨ ᠡᠭᠦᠷ ᠪᠣᠯᠣᠨ ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠰᠤᠷᠭᠠᠭᠤᠯᠢ ᠶᠢᠨ ᠬᠡᠦᠬᠡᠳ ᠤᠨ ᠴᠡᠴᠡᠷᠯᠢᠭ ᠤᠨ ᠨᠠᠮ ᠤᠨ ᠭᠡᠰᠢᠭᠦᠨ ᠺᠠᠳ᠋ᠷ ᠪᠣᠯᠣᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ ᠵᠦᠸᠧᠽᠢ ᠰᠢᠶᠠᠨ ᠤ ᠲᠡᠦᠬᠡ ᠶᠢᠨ ᠮᠦᠽᠧᠢ ᠪᠣᠯᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠳᠤ ᠬᠦᠷᠴᠦ ︽ᠨᠠᠮ ᠤᠨ ᠪᠠᠶᠢᠭᠤᠯᠤᠯᠲᠠ ᠪᠣᠯᠣᠨ ᠪᠦᠲᠦᠭᠡᠨ ᠪᠠᠶᠢᠭᠤᠯᠤᠯᠲᠠ ᠬᠢᠵᠦ ᠬᠥᠲᠥᠯᠥᠨ ᠳᠠᠭᠠᠭᠤᠯᠵᠤ ᠬᠥᠭᠵᠢᠯᠲᠡ ᠶᠢ ᠠᠬᠢᠭᠤᠯᠵᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠬᠠᠮᠲᠤᠪᠠᠷ ᠪᠠᠶᠢᠭᠤᠯᠵᠤ ᠰᠢᠨ᠎ᠡ ᠶᠢ ᠡᠭᠦᠳᠬᠦ ᠬᠠᠭᠤᠳᠠᠰᠤ ᠶᠢ ᠪᠢᠴᠢᠭᠯᠡᠬᠦ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠬᠤᠭᠤᠴᠠᠭᠠᠨ ᠳᠤ᠂ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠲᠤᠭ ᠲᠤ ᠬᠠᠨᠳᠤᠭᠤᠯᠤᠨ ᠲᠠᠩᠭᠠᠷᠢᠭᠯᠠᠵᠤ᠂ ᠲᠡᠦᠬᠡ ᠶᠢᠨ ᠮᠦᠽᠧᠶ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠡᠯ᠎ᠡ ᠦᠵᠡᠭᠦᠯᠦᠯᠭᠡ ᠶᠢᠨ ᠲᠢᠩᠬᠢᠮ ᠢ ᠲᠡᠰ ᠳᠠᠷᠠᠭᠠᠯᠠᠨ ᠲᠣᠭᠤᠷᠢᠨ ᠦᠵᠡᠪᠡ᠃ ᠦᠵᠡᠭᠦᠯᠦᠯᠭᠡ ᠶᠢᠨ ᠲᠢᠩᠬᠢᠮ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠦᠷᠦᠯ ᠵᠦᠢᠯ ᠡᠯᠪᠡᠭ ᠪᠠᠶᠠᠯᠢᠭ᠂ ᠲᠡᠦᠬᠡ ᠶᠢᠨ ᠳᠤᠷᠠᠰᠬᠠᠯᠲᠤ ᠵᠦᠢᠯᠡᠰ ᠨᠢᠭᠡᠪᠦᠷᠢ ᠶᠢ ᠳᠡᠯᠭᠡᠨ ᠦᠵᠡᠭᠦᠯᠬᠦ ᠪᠣᠯ ᠨᠢᠭᠡ ᠨᠢᠭᠡ ᠪᠠᠲᠤ ᠴᠢᠩᠭ᠎ᠠ ᠲᠡᠦᠬᠡ ᠶᠢᠨ ᠴᠠᠭ ᠦᠶ᠎ᠡ ᠪᠣᠯᠤᠨ᠎ᠠ᠂ ᠦᠰᠦᠭ ᠪᠢᠴᠢᠭ ᠨᠢ ᠲᠡᠦᠬᠡ ᠰᠣᠶᠣᠯ ᠤᠨ ᠰᠤᠳᠠᠰᠤ ᠶᠢ ᠲᠡᠮᠳᠡᠭᠯᠡᠵᠦ᠂ ᠨᠢᠭᠡ ᠬᠠᠭᠤᠳᠠᠰᠤ ᠵᠢᠷᠤᠭ ᠨᠢ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠳᠡᠯᠭᠡᠨ ᠦᠵᠡᠭᠦᠯᠵᠦ᠂ ᠨᠠᠮ ᠤᠨ ᠭᠡᠰᠢᠭᠦᠨ ᠺᠠᠳ᠋ᠷ ᠪᠣᠯᠤᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠲᠠᠶᠢᠯᠪᠤᠷᠢᠯᠠᠭᠴᠢ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠡᠦᠬᠡ ᠶᠢᠨ ᠲᠤᠯᠭᠤᠷ ᠪᠢᠴᠢᠭ ᠠᠴᠠ ᠪᠦᠯᠬᠦᠮᠳᠡᠨ ᠲᠡᠮᠡᠴᠡᠬᠦ ᠬᠦᠴᠦᠨ ᠢ ᠮᠡᠳᠡᠷᠡᠵᠦ᠂ ᠨᠠᠮ ᠤᠨ ᠭᠡᠷᠡᠯ ᠰᠠᠴᠤᠷᠠᠩᠭᠤᠢ ᠲᠡᠦᠬᠡ ᠶᠢ ᠲᠠᠬᠢᠨ ᠡᠷᠭᠢᠴᠡᠭᠦᠯᠪᠡ᠃    ᠲᠣᠰ ᠤᠳᠠᠭᠠᠨ ᠤ ᠲᠣᠭᠤᠷᠢᠨ ᠦᠵᠡᠵᠦ ᠰᠤᠷᠤᠯᠴᠠᠬᠤ ᠳᠤ ᠨᠠᠮ ᠤᠨ ᠭᠡᠰᠢᠭᠦᠨ ᠺᠠᠳ᠋ᠷ ᠪᠣᠯᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠲᠠᠨᠢᠯᠲᠠ ᠪᠠ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠦᠨᠳᠦᠰᠦᠲᠡᠨ ᠤ ᠣᠮᠤᠭ ᠪᠠᠭ᠋ᠠᠳᠤᠯᠲᠤ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠨᠡᠮᠡᠭᠳᠡᠭᠦᠯᠦᠭᠰᠡᠨ ᠤ ᠬᠠᠮᠲᠤ ᠨᠠᠮ ᠤᠨ ᠭᠡᠰᠢᠭᠦᠨ ᠪᠠᠭᠰᠢ ᠨᠠᠷ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢᠨ ᠵᠣᠷᠢᠯᠲᠠ ᠪᠠᠨ ᠪᠠᠲᠤ ᠴᠡᠭᠡᠵᠢᠯᠡᠵᠦ᠂ ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠤᠷᠭᠠᠭᠤᠯᠢ ᠶᠢᠨ ᠬᠦᠷᠢᠶᠡᠨ ᠤ ᠦᠨᠳᠦᠰᠦᠲᠡᠨ ᠤ ᠪᠦᠯᠬᠦᠮᠳᠡᠯ ᠢ ᠠᠬᠢᠭᠤᠯᠬᠤ᠂ ᠡᠶ᠎ᠡ ᠵᠣᠬᠢᠴᠠᠯ ᠲᠠᠢ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃    ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠰᠤᠷᠭᠠᠭᠤᠯᠢ ︵ᠪᠠᠭ᠎ᠠ ᠰᠤᠷᠭᠠᠭᠤᠯᠢ ᠶᠢᠨ ᠬᠡᠯᠲᠡᠰ︶ ᠶᠢᠨ ᠨᠠᠮ ᠤᠨ ᠭᠡᠰᠢᠭᠦᠨ ᠪᠠᠭᠰᠢ ᠹᠧᠩ ᠰᠢᠶᠤᠤ ᠰᠢᠤᠸᠠᠢ    ᠨᠠᠮ ᠤᠨ ᠭᠡᠰᠢᠭᠦᠨ ᠪᠠᠭᠰᠢ ᠪᠣᠯᠤᠭᠰᠠᠨ ᠤ ᠬᠤᠪᠢ ᠳᠤ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠥᠪᠡᠷ ᠤᠨ ᠦᠨᠳᠦᠰᠦᠲᠡᠨ ᠤ ᠬᠠᠮᠲᠤ ᠶᠢᠨ ᠲᠠᠨᠢᠯᠲᠠ ᠶᠢᠨ ᠰᠡᠳᠬᠢᠯᠭᠡ ᠪᠠᠨ ᠨᠡᠮᠡᠭᠳᠡᠭᠦᠯᠵᠦ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠦᠨᠳᠦᠰᠦᠲᠡᠨ ᠤ ᠦᠵᠡᠯᠲᠡ ᠪᠠ ᠤᠯᠤᠰ ᠤᠨ ᠦᠵᠡᠯᠲᠡ ᠶᠢ ᠪᠤᠢ ᠪᠣᠯᠭᠠᠬᠤ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠲᠤᠰᠬᠠᠶ ᠮᠡᠷᠭᠡᠵᠢᠯ ᠤᠨ ᠬᠢᠴᠢᠶᠡᠯ ᠳᠤ ᠠᠭᠤᠰᠤᠯᠴᠠᠭᠤᠯᠵᠤ᠂ ᠰᠤᠷᠤᠭᠴᠢᠳ ᠲᠤ ᠳᠤᠮᠳᠠᠳᠤ ᠶᠢᠨ ᠦᠨᠳᠦᠰᠦᠲᠡᠨ ᠤ ᠬᠡᠷᠡᠯ ᠰᠠᠴᠤᠷᠠᠩᠭᠤᠶ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠶ ᠣᠶᠢᠯᠠᠭᠠᠭᠤᠯᠵᠤ᠂ ᠰᠤᠷᠤᠭᠴᠢᠳ ᠤᠨ ᠤᠯᠤᠰ ᠤᠨ ᠤᠬᠠᠮᠰᠠᠷ ᠪᠠ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠤᠯᠠᠮ ᠨᠢᠭᠡ ᠠᠯᠬᠤᠮ ᠨᠡᠮᠡᠭᠳᠡᠭᠦᠯᠪᠡ᠃                            ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2