ᠵᠦᠸᠧᠽᠢ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠯᠦᠸᠧ ᠳ᠋ᠢᠶᠠᠨ ᠪᠣᠳᠠᠰ ᠤᠨ ᠪᠤᠰᠤ ᠰᠣᠶᠣᠯ ᠤᠨ ᠥᠪ ᠢ ᠰᠢᠭᠢᠳᠬᠡᠬᠦ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/11/27
    ᠱᠤᠷᠠᠭ ᠤᠨ ᠤᠷ᠎ᠠ ᠮᠡᠷᠭᠡᠵᠢᠯ ᠨᠢ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠴᠢᠬᠤᠯᠠ ᠲᠥᠷᠥᠯ ᠵᠦᠢᠯ ᠪᠣᠯᠤᠭᠰᠠᠨ ᠤ ᠬᠤᠪᠢ ᠳᠤ᠂ ᠭᠦᠨ ᠵᠤᠵᠠᠭᠠᠨ ᠲᠡᠦᠬᠡ ᠰᠣᠶᠣᠯ ᠤᠨ ᠬᠤᠷᠠᠭᠰᠠᠨ ᠢ ᠠᠴᠢᠶᠠᠯᠠᠵᠤ ᠪᠠᠶᠢᠬᠤ ᠪᠥᠭᠡᠳ ᠥᠪᠡᠷᠮᠢᠴᠡ ᠣᠨᠴᠠᠯᠢᠭ ᠲᠠᠢ ᠦᠨᠳᠦᠰᠦᠲᠡᠨ ᠤ ᠭᠤᠸ᠎ᠠ ᠰᠠᠶᠢᠬᠠᠨ ᠤ ᠬᠥᠮᠦᠵᠢᠯ ᠤᠨ ᠵᠣᠷᠢᠭ ᠰᠠᠨᠠᠭ᠎ᠠ ᠠᠭᠤᠯᠤᠭᠳᠠᠵᠤ ᠪᠠᠶᠢᠨ᠎ᠠ᠃    ᠵᠦᠸᠧᠽᠢ ᠰᠢᠶᠠᠨ ᠤ ︽ᠭᠤᠸ᠎ᠠ ᠰᠠᠶᠢᠬᠠᠨ ᠢ ᠬᠥᠭᠡᠭᠡᠴᠡᠯᠳᠦᠬᠦ︾ ᠭᠤᠸ᠎ᠠ ᠰᠠᠶᠢᠬᠠᠨ ᠤ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢᠨ ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ ᠡᠯᠪᠡᠭ ᠪᠠᠶᠠᠯᠢᠭ ᠤᠳᠬ᠎ᠠ ᠤᠷᠠᠯᠢᠭ ᠤᠨ ᠪᠡᠶᠡᠴᠢᠯᠡᠨ ᠣᠶᠢᠯᠠᠭᠠᠬᠤ ᠬᠢᠴᠢᠶᠡᠯ ᠢᠶᠠᠷ ᠳᠠᠮᠵᠢᠭᠤᠯᠤᠨ᠂ ᠵᠦᠸᠧᠽᠢ ᠣᠷᠣᠨ ᠤ ᠤᠯᠠᠨ ᠨᠡᠶᠢᠲᠡ ᠶᠢᠨ ᠭᠤᠸ᠎ᠠ ᠰᠠᠶᠢᠬᠠᠨ ᠤ ᠲᠦᠪᠰᠢᠨ ᠪᠣᠯᠤᠨ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 22 ᠤᠨ ᠡᠳᠦᠷ᠂ ᠵᠦᠸᠧᠽᠢ ᠰᠢᠶᠠᠨ ᠤ ᠰᠣᠶᠣᠯ ᠪᠠ ᠵᠤᠭᠠᠴᠠᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠵᠦᠸᠧᠽᠢ ᠰᠢᠶᠠᠨ ᠤ ᠤᠷᠠᠨ ᠵᠢᠷᠤᠭ ᠤᠨ ᠣᠷᠳᠣᠨ᠂ ᠨᠣᠮ ᠤᠨ ᠰᠠᠩ ᠠᠴᠠ ᠳᠠᠭᠠᠭᠠᠴᠢᠯᠠᠨ ᠡᠷᠬᠢᠯᠡᠭᠰᠡᠨ ︽ᠭᠤᠸ᠎ᠠ ᠰᠠᠶᠢᠬᠠᠨ ᠢ ᠬᠥᠭᠡᠭᠡᠴᠡᠯᠳᠦᠬᠦ︾ ᠱᠣᠣᠳᠢᠶᠠᠨ ᠭᠠᠷ ᠤᠷᠠᠯᠠᠯ ᠤᠨ ᠲᠤᠰᠬᠠᠢ ᠠᠵᠢᠯᠯᠠᠭ᠎ᠠ ᠵᠦᠸᠧᠽᠢ ᠰᠢᠶᠠᠨ ᠤ ᠨᠣᠮ ᠤᠨ ᠰᠠᠩ ᠳᠤ ᠡᠬᠢᠯᠡᠪᠡ᠃    ᠲᠣᠰ ᠤᠳᠠᠭᠠᠨ ᠤ ᠠᠵᠢᠯᠯᠠᠭ᠎ᠠ ᠨᠢ ᠯᠦᠸᠧ ᠳ᠋ᠢᠶᠠᠨ ᠰᠢᠭᠢᠳᠬᠡᠬᠦ ᠤᠷ᠎ᠠ ᠮᠡᠷᠭᠡᠵᠢᠯ ᠢᠶᠠᠷ ᠭᠠᠷᠳᠠᠬᠤ ᠴᠡᠭ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠭᠤᠸ᠎ᠠ ᠰᠠᠶᠢᠬᠠᠨ ᠤ ᠬᠥᠮᠦᠵᠢᠯ ᠤᠨ ᠵᠠᠭᠪᠤᠷ ᠤᠨ ᠰᠠᠶᠢᠨ ᠰᠠᠶᠢᠬᠠᠨ ᠠᠴᠢᠶᠠᠯᠠᠪᠤᠷᠢ ᠪᠠ ᠠᠮᠢᠳᠤᠯᠢᠭ ᠵᠢᠭᠠᠬᠤ ᠮᠠᠲ᠋ᠧᠷᠢᠶᠠᠯ ᠢ ᠬᠠᠶᠢᠨ ᠰᠦᠪᠡᠭᠴᠢᠯᠡᠵᠦ᠂ ᠵᠦᠸᠧᠽᠢ ᠰᠢᠶᠠᠨ ᠤ ᠳ᠋ᠧ ᠬᠤᠶ ᠪᠠᠭ᠎ᠠ ᠰᠤᠷᠭᠠᠭᠤᠯᠢ ᠶᠢᠨ ᠪᠠᠭᠰᠢ ᠪᠠ ᠪᠠᠭ᠎ᠠ ᠰᠤᠷᠭᠠᠭᠤᠯᠢ ᠶᠢᠨ ᠰᠤᠷᠤᠭᠴᠢᠳ ᠢ ᠤᠷᠢᠵᠤ ᠬᠠᠮᠲᠤ ᠪᠠᠷ ᠣᠶᠢᠯᠠᠭᠠᠯᠲᠠ ᠳᠤ ᠣᠷᠣᠯᠴᠠᠭᠤᠯᠵᠤ᠂ ᠰᠤᠷᠤᠭᠴᠢᠳ ᠢ ᠬᠥᠲᠥᠯᠥᠨ ᠳᠠᠭᠠᠭᠤᠯᠵᠤ ︽ᠭᠤᠸ᠎ᠠ ᠰᠠᠶᠢᠬᠠᠨ ᠢ ᠲᠠᠨᠢᠬᠤ - ᠭᠤᠸ᠎ᠠ ᠰᠠᠶᠢᠬᠠᠨ ᠢ ᠣᠶᠢᠯᠠᠭᠠᠬᠤ - ᠭᠤᠸ᠎ᠠ ᠰᠠᠶᠢᠬᠠᠨ ᠢ ᠢᠯᠡᠷᠡᠭᠦᠯᠬᠦ - ᠭᠤᠸ᠎ᠠ ᠰᠠᠶᠢᠬᠠᠨ ᠢ ᠡᠭᠦᠳᠬᠦ︾ ᠳᠤᠮᠳᠠ ᠲᠠᠰᠤᠷᠠᠯᠲᠠ ᠦᠭᠡᠢ ᠦᠰᠦᠨ ᠪᠤᠶᠢᠵᠢᠭᠤᠯᠤᠨ᠎ᠠ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠠᠭᠰᠢ ᠠᠴᠠ ᠯᠦᠸᠧ ᠳ᠋ᠢᠶᠠᠨ ᠲᠧᠩ ᠤᠨ ᠤᠷ᠎ᠠ ᠮᠡᠷᠭᠡᠵᠢᠯ ᠤᠨ ᠲᠡᠦᠬᠡ ᠶᠢᠨ ᠡᠬᠢ ᠰᠤᠷᠪᠤᠯᠵᠢ᠂ ᠭᠠᠷ ᠤᠷᠠᠯᠠᠯ ᠤᠨ ᠣᠨᠴᠠᠯᠢᠭ ᠵᠢᠴᠢ ᠣᠳᠣ ᠦᠶ᠎ᠡ ᠶᠢᠨ ᠠᠮᠢᠳᠤᠷᠠᠯ ᠳᠤᠮᠳᠠᠬᠢ ᠰᠢᠨ᠎ᠡ ᠶᠢ ᠡᠭᠦᠳᠦᠨ ᠬᠡᠷᠡᠭᠯᠡᠬᠦ ᠵᠡᠷᠭᠡ ᠠᠭᠤᠯᠭ᠎ᠠ ᠳᠤ ᠠᠮᠢᠳᠤᠯᠢᠭ ᠨᠠᠷᠢᠨ ᠲᠠᠶᠢᠯᠪᠤᠷᠢᠯᠠᠯᠲᠠ ᠬᠢᠭᠰᠡᠨ ᠪᠥᠭᠡᠳ ᠣᠷᠣᠯᠴᠠᠭᠴᠢ ᠶᠢ ᠳᠠᠭᠠᠭᠤᠯᠤᠨ ᠥᠪᠡᠷ ᠤᠨ ᠡᠷᠭᠢ ᠱᠤᠷᠠᠭ ᠤᠨ ᠪᠦᠲᠦᠭᠡᠯ ᠢᠶᠠᠨ ᠬᠢᠵᠦ᠂ ᠬᠠᠮᠲᠤ ᠪᠠᠷ ᠨᠠᠷᠢᠨ ᠨᠢᠭᠲᠠ ᠰᠢᠬᠢᠳᠬᠡᠨ ᠰᠢᠭᠢᠳᠬᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠣᠶᠢᠯᠠᠭᠠᠵᠤ ᠪᠠᠶᠢᠨ᠎ᠠ᠃    ᠣᠬᠤᠷᠬᠠᠨ ᠬᠤᠭᠤᠴᠠᠭᠠᠨ ᠤ ᠠᠵᠢᠯᠯᠠᠭ᠎ᠠ ᠶᠢᠨ ᠣᠶᠢᠯᠠᠭᠠᠯᠲᠠ ᠨᠢ ᠬᠡᠦᠬᠡᠳ ᠤᠳ ᠲᠤ ᠥᠩᠭᠡ ᠪᠤᠳᠤᠭ ᠲᠣᠬᠢᠷᠠᠭᠤᠯᠬᠤ᠂ ᠵᠢᠷᠤᠭ ᠲᠥᠯᠥᠪᠯᠡᠭᠡ ᠬᠢᠬᠦ᠂ ᠣᠷᠣᠨ ᠵᠠᠢ ᠶᠢᠨ ᠰᠡᠷᠡᠯ ᠵᠡᠷᠭᠡ ᠭᠤᠸ᠎ᠠ ᠰᠠᠶᠢᠬᠠᠨ ᠤ ᠮᠡᠳᠡᠯᠭᠡ ᠶᠢ ᠰᠤᠷᠤᠯᠴᠠᠭᠤᠯᠵᠤ᠂ ᠲᠡᠳᠡᠨ ᠤ ᠰᠡᠳᠬᠢᠨ ᠪᠤᠳᠤᠬᠤ ᠴᠢᠳᠠᠪᠤᠷᠢ ᠪᠠ ᠪᠦᠲᠦᠭᠡᠯᠴᠢ ᠴᠢᠳᠠᠪᠤᠷᠢ ᠶᠢ ᠬᠥᠭᠵᠢᠭᠡᠵᠦ᠂ ᠨᠠᠰᠤᠨ ᠳᠤ ᠬᠦᠷᠦᠭᠰᠡᠳ ᠲᠤ ᠠᠪᠴᠤ ᠬᠡᠯᠡᠪᠡᠯ ᠡᠨᠡ ᠪᠣᠯ ᠪᠡᠶ᠎ᠡ ᠰᠡᠳᠬᠢᠯ ᠢ ᠲᠠᠶᠢᠪᠤᠰᠢᠷᠠᠭᠤᠯᠬᠤ ᠠᠷᠭ᠎ᠠ ᠮᠠᠶ᠋ᠢᠭ ᠪᠣᠯᠬᠤ ᠪᠠᠷ ᠪᠠᠷᠠᠬᠤ ᠦᠭᠡᠢ᠂ ᠨᠡᠩ ᠴᠤ ᠨᠢᠭᠡ ᠵᠦᠢᠯ ᠤᠨ ᠰᠣᠶᠣᠯ ᠤᠨ ᠪᠤᠴᠠᠯᠲᠠ ᠪᠠ ᠥᠪᠡᠷ ᠤᠨ ᠦᠷᠳᠡᠭ ᠤᠨ ᠪᠡᠶᠡᠯᠡᠭᠳᠡᠯ ᠪᠣᠯᠤᠨ᠎ᠠ᠃                            ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2