ᠵᠧᠦ ᠺᠠᠢ ᠵᠦᠸᠧᠽᠢ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/11/27
    11 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠵᠦᠸᠧᠽᠢ ᠰᠢᠶᠠᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠪᠠ᠃    ᠱᠢ ᠪᠠ ᠲᠠᠢ ᠪᠠᠯᠭᠠᠰᠤᠨ ᠳᠤ᠂ ᠵᠧᠦ ᠺᠠᠢ ︽ᠭᠤᠷᠪᠠᠨ ᠤᠮᠠᠷᠠᠲᠤ︾ ᠶᠢᠨ ᠬᠠᠯᠬᠠᠪᠴᠢ ᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠶᠡᠭᠡ ᠲᠦᠷᠭᠡᠨ ᠭᠤᠣᠯ ᠤᠨ ᠡᠬᠢ ᠡᠭᠦᠰᠦᠯ ᠤᠨ ᠬᠠᠮᠠᠭᠠᠯᠠᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠡᠷᠦᠭᠡ ᠳᠤ ᠬᠦᠷᠴᠦ ᠰᠤᠷᠪᠤᠯᠵᠢᠯᠠᠵᠤ᠂ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠠᠷᠭᠠᠨ᠎ᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠶᠢ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠬᠦ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠲᠠᠢ ᠦᠨᠡᠨᠬᠦ ᠤᠶᠠᠯᠳᠤᠭᠤᠯᠬᠤ ᠬᠡᠷᠡᠭᠲᠡᠢ᠃ ᠤᠰᠤᠨ ᠤ ᠡᠬᠢ ᠰᠤᠷᠪᠤᠯᠵᠢ ᠶᠢ ᠰᠠᠶᠢᠲᠤᠷ ᠬᠠᠮᠠᠭᠠᠯᠠᠭᠰᠠᠨ ᠤᠷᠢᠲᠠᠯ ᠳᠣᠣᠷ᠎ᠠ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠨᠴᠠᠯᠢᠬᠳᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠤ ᠵᠤᠭᠠᠴᠠᠯ ᠢ ᠶᠡᠬᠡᠪᠡᠷ ᠬᠥᠭᠵᠢᠭᠦᠯᠵᠦ᠂ ᠤᠯᠠᠨ ᠠᠷᠭ᠎ᠠ ᠵᠠᠮ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠬᠡᠷᠡᠭᠲᠡᠢ᠃ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠢ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠲᠥᠬᠦᠭᠡᠷᠦᠮᠵᠢ ᠶᠢ ᠰᠠᠶᠢᠲᠤᠷ ᠬᠡᠷᠡᠭᠯᠡᠵᠦ᠂ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃    ᠵᠦᠸᠧᠽᠢ ᠱᠠᠨ ᠪᠠᠯᠭᠠᠰᠤ᠂ ᠳ᠋ᠠ ᠢᠦᠢ ᠱᠤ᠋ ᠰᠢᠶᠠᠩ ᠳᠤ᠂ ᠵᠧᠦ ᠺᠠᠢ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠰᠠᠭᠤᠷᠢᠨ ᠤ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠡᠵᠡᠩᠨᠡᠯᠲᠡ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠨᠡᠩ ᠤᠯᠠᠨ ᠤᠯᠠᠨ ᠲᠦᠮᠡᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠦᠨᠡᠨᠬᠦ ᠪᠠᠲᠤ ᠰᠠᠬᠢᠬᠤ ᠬᠡᠷᠡᠭᠲᠡᠢ᠃    ᠵᠧᠦ ᠺᠠᠢ ᠪᠠᠰᠠ ᠯᠢ ᠵᠧᠨ ᠤᠲᠤᠮᠠᠯ ᠲᠠᠬᠢᠶᠠᠨ ᠤ ᠳᠡᠯᠭᠡᠭᠦᠷ ᠲᠤ ᠬᠦᠷᠴᠦ᠂ ᠤᠲᠤᠮᠠᠯ ᠲᠠᠬᠢᠶ᠎ᠠ ᠡᠳ᠋ᠰᠢᠭᠦᠯᠬᠦ ᠶᠠᠪᠤᠴᠠ᠂ ᠢᠳᠡᠭᠡᠨ ᠤ ᠠᠮᠤᠷ ᠲᠦᠪᠰᠢᠨ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠦᠢᠯᠡᠳᠬᠦᠨ ᠤ ᠡᠵᠡᠩᠨᠡᠨ ᠪᠣᠷᠣᠯᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠲᠤᠮᠠᠯ ᠲᠠᠬᠢᠶᠠᠨ ᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃                                ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2