ᠣᠢᠷ᠎ᠠ ᠶᠢᠨ ᠡᠳᠦᠷ᠂ ᠶᠡᠷᠦᠩᠬᠡᠢᠯᠡᠭᠰᠡᠨ ᠤᠷᠠᠯᠢᠭ ᠤᠨ ᠲᠣᠭᠯᠠᠯᠲᠠ ︽ᠪᠠᠶᠠᠷᠲᠠᠢ︕ ᠬᠠᠢᠷᠠᠲᠤ 4︾ ᠶᠢ | ᠬᠠᠯᠠᠭᠤᠨ ᠢᠶᠠᠷ ᠨᠡᠪᠲᠡᠷᠡᠭᠦᠯᠵᠦ᠂ ᠰᠠᠨᠠᠭᠠᠨ ᠳᠤ ᠦᠭᠡᠢ ︽ᠠᠮᠲᠠᠲᠤ ᠢᠳᠡᠭᠡᠨ ᠤ ᠦᠢᠯᠡᠳᠦᠯ︾ ᠢ ᠠᠪᠴᠢᠷᠠᠭᠰᠠᠨ | ᠪᠠᠢᠨ᠎ᠠ᠃ ᠫᠷᠤᠭ᠍ᠷᠠᠮ ᠳᠤ᠂ ᠬᠦᠨᠳᠦᠲᠦ ᠵᠣᠴᠢᠳ ᠦᠢᠯᠡᠴᠢᠯᠡᠭᠡᠨ ᠤ ᠲᠣᠭᠤᠷᠢᠭ ᠲᠤ ᠵᠦᠸᠧᠽᠢ ᠶᠢᠨ ᠤᠲᠤᠮᠠᠯ | ᠲᠠᠬᠢᠶ᠎ᠠ ᠶᠢ ᠬᠤᠶᠠᠷ ᠬᠤᠳᠠᠯᠳᠤᠨ ᠠᠪᠴᠤ᠂ ᠰᠦᠯᠵᠢᠶᠡᠨ ᠤ ᠠᠨᠳᠠ ᠨᠠᠷ ᠤᠨ ᠠᠩᠬᠠᠷᠤᠯ ᠢ ᠲᠠᠲᠠᠵᠤ᠂ | ᠵᠦᠸᠧᠽᠢ ᠶᠢᠨ ᠤᠲᠤᠮᠠᠯ ᠲᠠᠬᠢᠶ᠎ᠠ ᠶᠢ ᠳᠠᠬᠢᠨᠲᠠ ᠬᠠᠶᠢᠯᠠᠭᠤᠯᠤᠨ ᠨᠡᠩᠵᠢᠵᠦ᠂ ᠥᠷᠭᠡᠨ ᠣᠯᠠᠨ ᠰᠦᠯᠵᠢᠶᠡᠨ ᠠᠨᠳᠠ | ᠥᠷᠢᠰᠥᠯᠳᠦᠨ ᠬᠠᠭᠤᠳᠠᠰᠤ ᠪᠠᠭᠤᠯᠭᠠᠵᠤ ᠬᠤᠳᠠᠯᠳᠤᠨ ᠠᠪᠴᠤ᠂ ᠵᠦᠸᠧᠽᠢ ᠰᠢᠶᠠᠨ ᠤ ᠡᠯ᠎ᠡ ᠤᠲᠤᠮᠠᠯ ᠲᠠᠬᠢᠶᠠᠨ ᠤ | ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠬᠡᠮᠵᠢᠶ᠎ᠡ ᠲᠦᠷᠭᠡᠨ ᠨᠡᠮᠡᠭᠳᠡᠵᠦ᠂ ᠣᠨᠴᠠ ᠵᠠᠷᠢᠮ ᠬᠤᠳᠠᠯᠳᠤᠭᠠᠴᠢᠨ ᠤ | ᠵᠠᠬᠢᠶᠠᠯᠠᠭ᠎ᠠ ᠶᠢᠨ ᠬᠠᠭᠤᠳᠠᠰᠤ ᠵᠠᠭᠤ ᠳᠠᠬᠢᠨ ᠥᠰᠴᠡᠶ᠃ | ᠵᠦᠸᠧᠽᠢ ᠰᠢᠶᠠᠨ ᠤ ᠵᠠᠩ ᠶᠢᠨ ᠲᠤᠤ ᠤᠲᠤᠮᠠᠯ ᠲᠠᠬᠢᠶ᠎ᠠ ᠶᠢᠨ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ | ᠂ ᠬᠡᠳᠦᠨ ᠠᠷᠪᠠᠨ ᠴᠢᠨᠠᠭᠰᠠᠨ ᠲᠣᠭᠤᠭ᠎ᠠ ᠨᠢ ᠲᠡᠷᠢ ᠲᠡᠭᠰᠢ ᠵᠢᠭᠰᠠᠵᠤ᠂ ᠵᠠᠭᠤᠨ ᠵᠢᠯ ᠤᠨ ᠬᠠᠭᠤᠴᠢᠨ ᠱᠥᠯᠥ ᠨᠢ | ᠪᠤᠴᠠᠯᠤᠨ ᠪᠤᠴᠠᠯᠤᠨ ᠪᠣᠴᠠᠯᠭᠠᠬᠤ ᠶᠢᠨ ᠬᠠᠮᠲᠤ ᠴᠢᠨᠠᠭᠰᠠᠨ ᠲᠠᠬᠢᠶ᠎ᠠ ᠶᠢ ᠱᠦᠭᠦᠵᠦ ᠭᠠᠷᠭᠠᠭᠰᠠᠨ ᠤ ᠳᠠᠷᠠᠭ᠎ᠠ ᠰᠢᠷᠠᠬᠤ | ᠵᠤᠤᠬ᠎ᠠ ᠶᠢ ᠤᠲᠤᠬᠤ ᠶᠢ ᠨᠢᠭᠡᠳᠦᠯᠲᠡᠶ ᠳᠥᠯᠭᠢᠨ ᠠᠬᠢᠭᠤᠯᠪᠠ᠃ ᠰᠠᠶ᠋ᠢᠬᠠᠨ ᠭᠠᠷᠭᠠᠭᠰᠠᠨ ᠤᠲᠤᠭᠰᠠᠨ ᠲᠠᠬᠢᠶ᠎ᠠ ᠶᠢ | ᠰᠢᠷᠡᠭᠡᠨ ᠳᠡᠭᠡᠷ᠎ᠡ ᠲᠠᠯᠪᠢᠵᠤ᠂ ᠬᠥᠷᠥᠬᠦ ᠪᠠᠷ ᠬᠦᠯᠢᠶᠡᠭᠰᠡᠨ ᠤ ᠳᠠᠷᠠᠭ᠎ᠠ ᠳᠠᠷᠤᠶ ᠤᠭᠤᠲᠠᠨ ᠳᠤ ᠪᠠᠭᠯᠠᠵᠤ᠂ ᠪᠦᠬᠦ | ᠤᠯᠤᠰ ᠤᠨ ᠡᠯ᠎ᠡ ᠭᠠᠵᠠᠷ ᠲᠤ ᠬᠦᠷᠭᠡᠵᠡᠶ᠃ | ᠵᠦᠸᠧᠽᠢ ᠰᠢᠶᠠᠨ ᠤ ᠵᠠᠩ ᠶᠢᠨ ᠲᠤᠤ ᠰᠢᠶᠦ᠋ᠨ ᠲᠠᠬᠢᠶᠠᠨ ᠺᠣᠮᠫᠠᠨᠢ ᠶᠢᠨ ᠬᠠᠷᠢᠭᠤᠴᠠᠯᠭᠠᠲᠠᠨ ᠵᠠᠩ ᠶᠢᠨ ᠲᠤᠤ | ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠬᠡᠮᠵᠢᠶ᠎ᠡ ᠭᠡᠨᠡᠳᠲᠡ ᠰᠢᠷᠦᠭᠦᠰᠴᠦ᠂ ᠡᠩ ᠤᠨ ᠦᠶ᠎ᠡ ᠶᠢᠨ ᠬᠡᠳᠦᠨ | ᠠᠷᠪᠠᠨ ᠬᠤᠪᠢ᠂ ᠬᠡᠳᠦᠨ ᠵᠠᠭᠤᠨ ᠬᠤᠪᠢ ᠪᠠᠶᠢᠭᠰᠠᠨ ᠠᠴᠠ ᠪᠠᠨ ᠭᠡᠨᠡᠳᠲᠡ ᠨᠡᠮᠡᠭᠳᠡᠭᠡᠳ ᠬᠡᠳᠦᠨ ᠮᠢᠩᠭᠠᠨ | ᠲᠣᠯᠣᠭᠠᠢ ᠪᠣᠯᠵᠤ᠂ ᠬᠠᠭᠤᠳᠠᠰᠤ ᠲᠣᠰᠴᠤ ᠠᠪᠤᠭᠠᠳ ᠵᠥᠭᠡᠯᠡᠨ ᠪᠣᠯᠵᠤ᠂ ᠬᠢᠵᠦ ᠳᠡᠶᠢᠯᠬᠦ ᠦᠭᠡᠢ ᠪᠣᠯᠵᠠᠶ᠃ | ᠰᠦᠯᠵᠢᠶᠡᠨ ᠭᠠᠳᠠᠨ᠎ᠠ ᠪᠠᠰᠠ ᠥᠩᠭᠡᠷᠡᠭᠰᠡᠨ ᠤ ᠡᠨᠡ ᠦᠶ᠎ᠡ ᠶᠢᠨ ᠪᠣᠷᠣᠯᠠᠭᠤᠯᠤᠯᠲᠠ ᠶᠢᠨ ᠬᠡᠮᠵᠢᠶ᠎ᠡ ᠠᠴᠠ ᠡᠳᠦᠶ | ᠲᠡᠳᠦᠶ ᠨᠡᠮᠡᠭᠳᠡᠵᠦ᠂ ᠪᠢᠳᠡ ᠬᠥᠮᠦᠨ ᠨᠡᠮᠡᠵᠦ᠂ ᠴᠠᠭ ᠨᠡᠮᠡᠵᠦ ᠠᠵᠢᠯᠯᠠᠨ ᠦᠢᠯᠡᠳᠪᠦᠷᠢᠯᠡᠵᠦ ᠪᠣᠭᠤᠳᠠᠯᠯᠠᠵᠤ ᠪᠠᠶᠢᠨ᠎ᠠ᠃ | | ᠪᠣᠭᠤᠳᠠᠯᠯᠠᠬᠤ ᠲᠠᠰᠤᠭ ᠲᠤ᠂ ᠠᠵᠢᠯᠴᠢᠳ ᠬᠠᠭᠤᠳᠠᠰᠤ ᠪᠢᠴᠢᠵᠦ᠂ ᠤᠭᠤᠲᠠᠯᠠᠵᠤ᠂ ᠪᠣᠭᠤᠳᠠᠯᠯᠠᠵᠤ᠂ ᠮᠠᠰᠢ | ᠶᠠᠭᠠᠷᠠᠤ ᠪᠠᠶᠢᠯ᠎ᠠ᠃ ᠳᠠᠬᠢᠶ᠎ᠠ ᠤᠲᠤᠬᠤ ᠠᠮᠲᠠ ᠪᠣᠯᠤᠨ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠲᠦᠷᠭᠡᠨ | ᠬᠦᠷᠭᠡᠯᠲᠡ ᠶᠢᠨ ᠬᠠᠶᠢᠷᠴᠠᠭ ᠨᠢᠭᠡᠪᠦᠷᠢ ᠶᠢᠨ ᠳᠣᠲᠣᠷ᠎ᠠ ᠰᠢᠨ᠎ᠡ ᠰᠣᠷᠭᠤᠭ ᠮᠥᠰᠥᠨ ᠤᠭᠤᠲᠠᠨ ᠳᠤ ᠬᠢᠵᠦ᠂ | ᠤᠲᠤᠮᠠᠯ ᠲᠠᠬᠢᠶ᠎ᠠ ᠶᠢ ᠵᠥᠭᠡᠭᠡᠪᠦᠷᠢᠯᠡᠬᠦ ᠶᠠᠪᠤᠴᠠ ᠳᠤ ᠴᠢᠨᠠᠷ ᠬᠤᠪᠢᠷᠠᠬᠤ ᠶᠢ ᠰᠡᠷᠭᠡᠶᠢᠯᠡᠨ᠎ᠡ᠃ | ᠣᠳᠣᠬᠠᠨ ᠳᠤ᠂ ᠨᠡᠶᠢᠭᠡᠮ ᠤᠨ ᠠᠮᠢᠳᠤᠷᠠᠯ ᠤᠨ ᠲᠠᠰᠤᠷᠠᠯᠲᠠ ᠦᠭᠡᠢ ᠲᠠᠪᠰᠢᠯᠳᠠ ᠶᠢ ᠳᠠᠭᠠᠯᠳᠤᠨ᠂ | ᠬᠡᠷᠡᠭᠯᠡᠭᠴᠢᠳ ᠤᠨ ᠣᠷᠣᠨ ᠨᠤᠲᠤᠭ ᠤᠨ ᠣᠨᠴᠠᠯᠢᠭ ᠲᠠᠢ ᠠᠮᠲᠠᠲᠤ ᠢᠳᠡᠭᠡᠨ ᠤ ᠲᠤᠬᠠᠢ ᠮᠡᠳᠡᠷᠡᠮᠵᠢ ᠶᠢᠨ ᠬᠡᠮᠵᠢᠶ᠎ᠡ | ᠴᠦ ᠠᠭᠠᠵᠢᠮ ᠢᠶᠠᠷ ᠳᠡᠭᠡᠭᠰᠢᠯᠡᠵᠦ ᠪᠠᠶᠢᠨ᠎ᠠ᠃ ᠵᠦᠸᠧᠽᠢ ᠶᠢᠨ ᠤᠲᠤᠮᠠᠯ ᠲᠠᠬᠢᠶ᠎ᠠ ᠨᠢ ᠨᠢᠭᠡ ᠵᠦᠢᠯ ᠤᠨ ᠥᠪᠡᠷᠮᠢᠴᠡ | ᠣᠨᠴᠠᠯᠢᠭ ᠲᠠᠢ ᠭᠠᠵᠠᠷ ᠤᠨ ᠰᠤᠯᠠ ᠢᠳᠡᠭᠡᠨ ᠪᠣᠯᠤᠭᠰᠠᠨ ᠤ ᠬᠤᠪᠢ ᠳᠤ᠂ ᠨᠢᠭᠡᠨᠲᠡ ᠵᠠᠭᠤᠨ ᠵᠢᠯ ᠤᠨ ᠲᠡᠦᠬᠡ ᠲᠠᠢ᠂ | ᠡᠯᠪᠡᠭ ᠪᠠᠶᠠᠯᠢᠭ ᠰᠣᠶᠣᠯ ᠤᠨ ᠠᠭᠤᠯᠬᠤᠨ ᠪᠠ ᠣᠷᠣᠨ ᠨᠤᠲᠤᠭ ᠤᠨ ᠦᠨᠦᠷ ᠠᠮᠲᠠ ᠲᠠᠢ᠃ ᠠᠩᠬᠠᠨ ᠤ | ᠤᠯᠠᠮᠵᠢᠯᠠᠯᠲᠤ ᠦᠢᠯᠡᠳᠬᠦ ᠤᠷ᠎ᠠ ᠮᠡᠷᠭᠡᠵᠢᠯ ᠠᠴᠠ ᠣᠳᠣ ᠦᠶ᠎ᠡ ᠶᠢᠨ ᠣᠳᠣᠬᠢᠴᠢᠯᠠᠭᠰᠠᠨ ᠦᠢᠯᠡᠳᠪᠦᠷᠢᠯᠡᠯ ᠤᠨ | ᠲᠠᠰᠤᠭ ᠬᠦᠷᠲᠡᠯ᠎ᠡ᠂ ᠥᠩᠭᠡᠷᠡᠭᠰᠡᠨ ᠳᠤ ᠤᠲᠤᠮᠠᠯ ᠲᠠᠬᠢᠶ᠎ᠠ ᠶᠢ ᠠᠪᠴᠤ ᠭᠠᠯᠲᠤ ᠲᠡᠷᠭᠡ ᠪᠠᠷ ᠬᠤᠳᠠᠯᠳᠤᠵᠤ | ᠪᠠᠶᠢᠭᠰᠠᠨ ᠠᠴᠠ ᠪᠠᠨ ᠣᠳᠣ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠪᠠᠷ ᠪᠣᠷᠣᠯᠠᠭᠤᠯᠵᠤ᠂ ᠣᠷᠣᠨ | ᠨᠤᠲᠤᠭ ᠤᠨ ᠵᠢᠵᠢᠭ ᠢᠳᠡᠭᠡᠨ ᠠᠴᠠ ᠪᠦᠬᠦ ᠤᠯᠤᠰ ᠲᠤ ᠠᠯᠳᠠᠷᠰᠢᠭᠰᠠᠨ ᠬᠦᠷᠲᠡᠯ᠎ᠡ᠂ ᠵᠦᠸᠧᠽᠢ ᠶᠢᠨ ᠤᠲᠤᠮᠠᠯ | ᠲᠠᠬᠢᠶ᠎ᠠ ᠨᠢ ᠴᠠᠭ ᠦᠶ᠎ᠡ ᠶᠢᠨ ᠬᠤᠪᠢᠰᠤᠯᠲᠠ ᠶᠢ ᠥᠩᠭᠡᠷᠡᠭᠡᠵᠦ᠂ ᠵᠦᠸᠧᠽᠢ ᠰᠢᠶᠠᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠭᠤᠤᠯᠯᠠᠬᠤ ᠠᠵᠤ ᠦᠢᠯᠡᠰ ᠪᠣᠯᠤᠭᠰᠠᠨ ᠪᠠᠶᠢᠨ᠎ᠠ᠃ | ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠵᠦᠸᠧᠽᠢ ᠶᠢᠨ ᠤᠲᠤᠮᠠᠯ ᠲᠠᠬᠢᠶ᠎ᠠ ᠶᠢᠨ ᠰᠣᠶᠣᠯ ᠤᠨ | ᠠᠭᠤᠯᠤᠭᠳᠠᠬᠤᠨ ᠢ ᠲᠠᠰᠤᠷᠠᠯᠲᠠ ᠦᠭᠡᠢ ᠠᠭᠤᠳᠠᠯᠵᠤ᠂ ᠵᠦᠸᠧᠽᠢ ᠶᠢᠨ ᠤᠲᠤᠮᠠᠯ ᠲᠠᠬᠢᠶ᠎ᠠ ᠪᠠᠷ ᠭᠤᠣᠯ ᠰᠡᠳᠦᠪ | ᠪᠣᠯᠭᠠᠭᠰᠠᠨ ᠠᠯᠢ ᠤᠯᠠᠨ ᠰᠣᠶᠣᠯ ᠤᠨ ᠠᠵᠢᠯᠯᠠᠭ᠎ᠠ ᠶᠢ ᠡᠷᠬᠢᠯᠡᠵᠦ᠂ ︽ᠰᠣᠶᠣᠯ ᠵᠢᠭᠤᠯᠴᠢᠯᠠᠯ ᠤᠨ ᠠᠮᠲᠠᠲᠤ | ᠢᠳᠡᠭᠡᠨ︾ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠢ ᠪᠦᠷᠢᠯᠳᠦᠭᠦᠯᠪᠡ᠃ ᠡᠭᠦᠨ ᠤ ᠬᠠᠮᠲᠤ᠂ ᠤᠲᠤᠮᠠᠯ | ᠲᠠᠬᠢᠶᠠᠨ ᠤ ᠠᠵᠤ ᠦᠢᠯᠡᠰ ᠤᠨ ᠬᠥᠭᠵᠢᠯᠲᠡ ᠪᠠ ︽ᠵᠦᠸᠧᠽᠢ ᠶᠢᠨ ᠤᠲᠤᠮᠠᠯ ᠲᠠᠬᠢᠶ᠎ᠠ︾ ᠶᠢᠨ ᠭᠠᠵᠠᠷ ᠵᠦᠶ ᠶᠢᠨ | ᠲᠡᠮᠳᠡᠭ ᠲᠤ ᠲᠦᠰᠢᠭᠯᠡᠨ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠬᠤ ᠶᠢ ᠠᠬᠢᠭᠤᠯᠤᠨ᠎ᠠ᠃ | ᠤᠲᠤᠮᠠᠯ ᠢᠳᠡᠭᠡᠨ ᠤ ᠠᠵᠤ ᠤᠶᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠵᠤ᠂ ᠠᠰᠢᠭᠯᠠᠯᠲᠠ ᠳᠤ | ᠣᠷᠣᠭᠤᠯᠤᠭᠰᠠᠨ ᠤ ᠳᠠᠷᠠᠭ᠎ᠠ ᠤᠲᠤᠮᠠᠯ ᠳᠠᠬᠢᠶ᠎ᠠ ᠦᠢᠯᠡᠳᠪᠦᠷᠢᠯᠡᠬᠦ ᠴᠢᠳᠠᠪᠤᠷᠢ ᠶᠢ ᠣᠲᠣ ᠶᠢᠨ 400 ᠲᠦᠮᠡ ᠠᠴᠠ | ᠳᠡᠭᠡᠭᠰᠢ ᠪᠠᠶᠢᠭᠰᠠᠨ ᠠᠴᠠ ᠨᠢ 1300 ᠲᠦᠮᠡ ᠠᠴᠠ ᠳᠡᠭᠡᠭᠰᠢ ᠪᠣᠯᠭᠠᠵᠤ᠂ ᠵᠢᠯ ᠤᠨ ᠦᠢᠯᠡᠳᠬᠦᠨ ᠤ ᠥᠷᠲᠡᠭ ᠢ 5 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |