ᠠᠩᠬᠠᠷ︕ ᠲᠤᠭᠤᠷᠢᠵᠤ ᠶᠠᠪᠤᠭᠠᠷᠠᠢ᠃ G6 ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠸᠧᠽᠢ ᠱᠠᠨ ᠤ ᠰᠦᠢᠳᠬᠡᠯ ᠬᠤᠷᠢᠶᠠᠬᠤ ᠥᠷᠲᠡᠭᠡ ᠨᠢ ᠥᠭᠡᠷᠡᠴᠢᠯᠡᠨ ᠰᠢᠨᠡᠳᠬᠡᠬᠦ ᠪᠠ ᠠᠷᠠᠴᠢᠯᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/11/27
    G6 ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠸᠧᠽᠢ ᠱᠠᠨ ᠤ ᠰᠦᠢᠳᠬᠡᠯ ᠬᠤᠷᠢᠶᠠᠬᠤ ᠥᠷᠲᠡᠭᠡ ᠶᠢ ᠳᠡᠭᠡᠭᠰᠢᠯᠡᠭᠦᠯᠦᠨ ᠥᠭᠡᠷᠡᠴᠢᠯᠡᠵᠦ ᠠᠷᠠᠴᠢᠯᠠᠨ ᠬᠠᠮᠠᠭᠠᠯᠠᠬᠤ ᠪᠠᠷᠢᠯᠭ᠎ᠠ ᠶᠢ ᠳᠡᠭᠡᠭᠰᠢᠯᠡᠭᠦᠯᠬᠦ ᠠᠯᠪᠠᠨ ᠵᠠᠷ    ᠨᠢᠭᠡ᠂ ᠥᠷᠭᠡᠨ ᠣᠯᠠᠨ ᠵᠢᠯᠣᠭᠤᠴᠢ ᠠᠶᠠᠨᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠨᠠᠰᠢ ᠴᠠᠰᠢ ᠥᠩᠭᠡᠷᠡᠬᠦ ᠵᠢᠯᠣᠭᠤᠴᠢ ᠠᠶᠠᠨᠴᠢᠳ ᠲᠤ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ ᠲᠡᠷᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠵᠦᠸᠧᠽᠢ ᠰᠢᠶᠠᠨ ᠤ ᠴᠢᠬᠤᠯᠠ ᠣᠷᠣᠵᠤ ᠭᠠᠷᠬᠤ ᠭᠠᠵᠠᠷ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠮᠠᠨ ᠤ ᠺᠣᠮᠫᠠᠨᠢ ᠣᠶᠢᠷ᠎ᠠ ᠳᠤ G 6 ᠲᠦᠷᠭᠡᠨ ᠤ ᠵᠠᠰᠠᠮᠠᠯ ᠵᠠᠮ ᠤᠨ ᠵᠦᠸᠧᠽᠢ ᠱᠠᠨ ᠠᠭᠤᠯᠠᠨ ᠤ ᠰᠦᠢᠳᠬᠡᠯ ᠬᠤᠷᠢᠶᠠᠬᠤ ᠭᠠᠵᠠᠷ ᠤᠨ ᠭᠠᠳᠠᠷᠭᠤ ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠬᠡᠷᠡᠭᠵᠢᠭᠦᠯᠵᠦ᠂ ᠪᠠᠷᠢᠯᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠮᠤᠷ ᠲᠦᠪᠰᠢᠨ ᠤ ᠳᠠᠯᠳᠠ ᠬᠡᠮ ᠢ ᠬᠤᠷᠢᠭᠯᠠᠵᠤ᠂ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ G6 ᠪᠡᠭᠡᠵᠢᠩ ᠠᠴᠠ ᠲᠥᠪᠡᠳ ᠬᠦᠷᠬᠦ ᠲᠦᠷᠭᠡᠨ ᠤ ᠵᠠᠮ ᠤᠨ ᠵᠦᠸᠧᠽᠢ ᠱᠠᠨ ᠠᠭᠤᠯᠠᠨ ᠤ ᠰᠦᠢᠳᠬᠡᠯ ᠬᠤᠷᠢᠶᠠᠬᠤ ᠭᠠᠵᠠᠷ ᠤᠨ ᠣᠷᠣᠵᠤ ᠭᠠᠷᠬᠤ ᠭᠠᠵᠠᠷ ᠢ ᠬᠤᠤᠰ ᠴᠢᠭᠯᠡᠯ ᠢᠶᠠᠷ ᠪᠦᠬᠦᠨ ᠢ ᠪᠢᠲᠡᠭᠦᠮᠵᠢᠯᠡᠨ᠎ᠡ᠃ ᠬᠤᠣᠰ ᠴᠢᠭᠯᠡᠯ ᠢᠶᠠᠷ ᠪᠠᠷᠢᠯᠭ᠎ᠠ ᠪᠠᠷᠢᠬᠤ ᠲᠡᠷᠭᠡ ᠠᠴᠠ ᠪᠤᠰᠤᠳ ᠮᠠᠰᠢᠨ ᠲᠡᠷᠭᠡ ᠨᠡᠪᠲᠡᠷᠡᠬᠦ ᠶᠢ ᠬᠤᠷᠢᠭᠯᠠᠨ᠎ᠠ᠃    ᠬᠤᠶᠠᠷ᠂ ᠪᠢᠲᠡᠭᠦᠮᠵᠢᠯᠡᠭᠰᠡᠨ ᠴᠠᠭ ᠬᠤᠭᠤᠴᠠᠭ᠎ᠠ    2024 ᠣᠨ ᠤ 11 ᠰᠠᠷ᠎ᠠ ᠶᠢᠨ 17 ᠤ ᠡᠳᠦᠷ ᠤᠨ 8᠄ 00 - 2024 ᠣᠨ ᠤ 12 ᠰᠠᠷ᠎ᠠ ᠶᠢᠨ 31 ᠤ ᠡᠳᠦᠷ ᠤᠨ 18᠄ 00    ᠭᠤᠷᠪᠠ᠂ ᠵᠦᠸᠧᠽᠢ ᠱᠠᠨ ᠤ ᠰᠦᠢᠳᠬᠡᠯ ᠬᠤᠷᠢᠶᠠᠬᠤ ᠥᠷᠲᠡᠭᠡ ᠶᠢ ᠪᠢᠲᠡᠭᠦᠮᠵᠢᠯᠡᠭᠰᠡᠨ ᠬᠤᠭᠤᠴᠠᠭᠠᠨ ᠳᠤ᠂ ᠬᠥᠬᠡᠬᠤᠲᠠ ᠵᠦᠭ ᠤᠴᠢᠵᠦ ᠤᠤᠯ ᠤᠨ ᠵᠦᠸᠧᠽᠢ ᠱᠠᠨ ᠤ ᠰᠦᠢᠳᠬᠡᠯ ᠬᠤᠷᠢᠶᠠᠬᠤ ᠥᠷᠲᠡᠭᠡ ᠠᠴᠠ ᠰᠠᠯᠵᠤ ᠶᠠᠪᠤᠭᠰᠠᠨ ᠲᠡᠷᠭᠡ ᠵᠢᠴᠢ ᠠᠶᠤᠯ ᠲᠠᠢ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠶᠢ ᠮᠡᠷᠭᠡᠨ ᠵᠢᠷᠤᠭ ᠤᠨ ᠰᠦᠢᠳᠬᠡᠯ ᠬᠤᠷᠢᠶᠠᠬᠤ ᠥᠷᠲᠡᠭᠡ ᠠᠴᠠ ᠤᠷᠢᠳᠴᠢᠯᠠᠨ G110 ᠤᠯᠤᠰ ᠤᠨ ᠵᠠᠮ ᠢ ᠲᠣᠭᠤᠷᠢᠵᠤ ᠭᠠᠷᠪᠠ᠃ ᠪᠡᠭᠡᠵᠢᠩ ᠵᠦᠭ ᠣᠴᠢᠵᠤ ᠤᠤᠯ ᠤᠨ ᠵᠦᠸᠧᠽᠢ ᠱᠠᠨ ᠤ ᠰᠦᠢᠳᠬᠡᠯ ᠬᠤᠷᠢᠶᠠᠬᠤ ᠥᠷᠲᠡᠭᠡ ᠠᠴᠠ ᠮᠣᠷᠳᠠᠵᠤ ᠪᠠᠶᠢᠭᠰᠠᠨ ᠲᠡᠷᠭᠡ ᠮᠠᠰᠢᠨ ᠤᠷᠢᠳᠴᠢᠯᠠᠨ ᠴᠢ ᠰᠢᠶᠠ ᠶᠢᠩ ᠰᠦᠢᠳᠬᠡᠯ ᠬᠤᠷᠢᠶᠠᠬᠤ ᠥᠷᠲᠡᠭᠡ ᠠᠴᠠ ᠭᠠᠷᠴᠤ G110 ᠤᠯᠤᠰ ᠤᠨ ᠵᠠᠮ ᠲᠣᠭᠤᠷᠢᠨ᠎ᠠ᠃    ᠳᠥᠷᠪᠡ᠂ ᠲᠤᠰ ᠵᠠᠮ ᠢᠶᠠᠷ ᠥᠩᠭᠡᠷᠡᠬᠦ ᠲᠡᠷᠭᠡ ᠬᠥᠰᠬᠡ ᠶᠢᠨ ᠵᠢᠯᠣᠭᠤᠴᠢ ᠵᠠᠮ ᠬᠠᠷᠢᠯᠴᠠᠭᠠᠨ ᠤ ᠲᠡᠮᠳᠡᠭ᠂ ᠵᠢᠭᠠᠯᠲᠠ ᠫᠠᠶᠢᠰᠠ ᠶᠢᠨ ᠲᠣᠭᠲᠠᠭᠠᠯ ᠶᠣᠰᠣᠭᠠᠷ ᠨᠡᠪᠲᠡᠷᠡᠵᠦ᠂ ᠲᠤᠬᠠᠶ ᠶᠢᠨ ᠲᠠᠯᠠᠪᠤᠷ ᠲᠤ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠪᠣᠯᠤᠨ ᠬᠠᠮᠢᠶᠠᠷᠤᠯᠲᠠ ᠶᠢᠨ ᠠᠵᠢᠯᠲᠠᠨ ᠤ ᠵᠢᠯᠣᠭᠤᠳᠣᠯᠭ᠎ᠠ ᠶᠢ ᠳᠠᠭᠠᠨ᠎ᠠ᠃ ᠵᠠᠮ ᠳᠡᠭᠡᠷ᠎ᠡ ᠪᠠᠷᠢᠯᠭ᠎ᠠ ᠪᠠᠷᠢᠭᠰᠠᠨ ᠠᠴᠠ ᠪᠣᠯᠵᠤ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ ᠪᠣᠯᠤᠭᠰᠠᠨ ᠪᠣᠯᠬᠤᠷ ᠠᠭᠤᠴᠢᠯᠠᠨ ᠳᠡᠮᠵᠢᠬᠦ ᠪᠣᠯᠪᠠᠤ᠃    ᠥᠪᠥᠷ ᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ    2024 ᠣᠨ ᠤ 11 ᠰᠠᠷ᠎ᠠ ᠶᠢᠨ 11 ᠤ ᠡᠳᠦᠷ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2