ᠵᠦᠸᠧᠽᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ︽ᠰᠢᠨᠵᠢᠯᠡᠬᠦ ᠤᠬᠠᠭᠠᠨ ᠮᠡᠷᠭᠡᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠵᠦᠸᠧᠽᠢ ᠬᠤᠶᠠᠳᠤᠭᠠᠷ ᠳᠤᠮᠳᠠᠳᠤ ᠰᠤᠷᠭᠠᠭᠤᠯᠢ ᠳᠤ ᠣᠷᠣᠪᠠ
ᠨᠡᠶᠢᠲᠡᠯᠡᠭᠰᠡᠨ ᠴᠠᠭ᠄
2024/11/7
    ︽ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠶᠢ ᠤᠯᠠᠮᠵᠢᠯᠠᠵᠤ᠂ ᠰᠢᠨᠵᠢᠯᠡᠬᠦ ᠤᠬᠠᠭᠠᠨᠴᠢ ᠠᠷᠭ᠎ᠠ ᠶᠢ ᠰᠠᠨᠠᠭᠠᠴᠢᠯᠠᠬᠤ︾ ᠴᠢᠭᠯᠡᠯᠲᠡ ᠶᠢ ᠭᠦᠨᠵᠡᠭᠡᠶ ᠲᠤᠤᠱᠯᠠᠭᠤᠯᠵᠤ᠂ ᠬᠥᠳᠡᠭᠡ ᠲᠣᠰᠬᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠨᠠᠩ ᠰᠠᠶᠢᠨ ᠨᠠᠩ ᠲᠦᠷᠭᠡᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 29 ᠤ ᠡᠳᠦᠷ᠂ ᠵᠦᠸᠧᠽᠢ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮ ᠲᠡᠷᠭᠡ ᠶᠢ ᠵᠦᠸᠧᠽᠢ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠬᠦᠷᠭᠡᠵᠡᠶ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠬᠦ᠂ ᠬᠠᠷᠢᠯᠴᠠᠨ ᠬᠥᠳᠡᠯᠦᠯᠴᠡᠬᠦ᠂ ᠪᠡᠶᠡᠴᠢᠯᠡᠨ ᠣᠶᠢᠯᠠᠭᠠᠬᠤ ᠪᠠᠷ ᠭᠤᠤᠯ ᠪᠣᠯᠭᠠᠵᠤ᠂ ︽ᠮᠠᠰᠢᠨ ᠬᠥᠮᠦᠨ︾᠂ ︽ᠥᠷᠢᠰᠥᠯᠳᠦᠭᠡᠨ ᠪᠠ ᠬᠠᠮᠲᠤᠷᠠᠯᠴᠠᠭ᠎ᠠ︾᠂ ︽ᠦᠭᠡ ᠰᠣᠨᠣᠰᠬᠤ ᠵᠢᠵᠢᠭ ᠪᠥᠮᠪᠦᠭᠡ︾᠂ ︽ᠬᠡᠨ ᠤ ᠭᠦᠶᠦᠯᠲᠡ ᠶᠢᠨ ᠬᠤᠷᠳᠤᠴᠠ ᠶᠢ ᠦᠵᠡᠬᠦ︾ ᠵᠡᠷᠭᠡ 10 ᠭᠠᠷᠤᠶ ᠦᠵᠡᠭᠦᠯᠭᠡ ᠶᠢᠨ ᠲᠠᠪᠴᠠᠩ ᠭᠠᠷᠭᠠᠪᠠ᠃ ᠦᠵᠡᠭᠦᠯᠦᠯᠭᠡ ᠶᠢᠨ ᠪᠣᠳᠠᠰ ᠨᠢ ᠵᠣᠬᠢᠶᠠᠮᠠᠯ ᠣᠶᠤᠨ ᠴᠢᠳᠠᠪᠤᠷᠢ᠂ ᠬᠡᠷᠡᠯ ᠤᠨ ᠤᠬᠠᠭᠠᠨ᠂ ᠬᠦᠴᠦᠨ ᠤ ᠤᠬᠠᠭᠠᠨ᠂ ᠳᠠᠭᠤᠨ ᠤ ᠤᠬᠠᠭᠠᠨ᠂ ᠠᠮᠢᠳᠤ ᠪᠣᠳᠠᠰ ᠤᠨ ᠤᠬᠠᠭᠠᠨ ᠵᠡᠷᠭᠡ ᠰᠢᠨᠵᠢᠯᠡᠬᠦ ᠤᠬᠠᠭᠠᠨ ᠤ ᠮᠡᠳᠡᠯᠭᠡ ᠪᠠ ᠰᠢᠨᠵᠢᠯᠡᠬᠦ ᠤᠬᠠᠭᠠᠨ ᠤ ᠤᠭ ᠶᠣᠰᠣ ᠶᠢ ᠠᠭᠤᠰᠤᠯᠴᠠᠭᠤᠯᠵᠤ᠂ ᠮᠡᠳᠡᠯᠭᠡᠴᠢ ᠴᠢᠨᠠᠷ᠂ ᠬᠠᠷᠢᠯᠴᠠᠨ ᠬᠥᠳᠡᠯᠦᠯᠴᠡᠬᠦ ᠴᠢᠨᠠᠷ ᠢ ᠲᠥᠪᠯᠡᠷᠡᠭᠦᠯᠦᠨ᠂ ᠰᠤᠷᠤᠭᠴᠢᠳ ᠲᠣᠭᠯᠠᠭᠠᠮ ᠤᠨ ᠦᠢᠯᠡᠳᠦᠯᠴᠡᠯ ᠳᠤ ᠣᠷᠣᠯᠴᠠᠬᠤ ᠬᠡᠯᠪᠡᠷᠢ ᠪᠠᠷ ᠰᠢᠨᠵᠢᠯᠡᠬᠦ ᠤᠬᠠᠭᠠᠨ ᠤ ᠷᠢᠳᠢ ᠰᠢᠳᠢ ᠶᠢ ᠮᠡᠳᠡᠷᠡᠭᠦᠯᠵᠦ᠂ ᠰᠤᠷᠤᠭᠴᠢᠳ ᠤᠨ ᠡᠯ᠎ᠡ ᠲᠠᠯ᠎ᠠ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠪᠠ᠃ ᠦᠵᠡᠭᠦᠯᠭᠡ ᠶᠢᠨ ᠲᠠᠪᠴᠠᠩ ᠨᠢᠭᠡᠪᠦᠷᠢ ᠶᠢᠨ ᠡᠮᠦᠨ᠎ᠡ ᠴᠥᠮ ᠰᠤᠷᠤᠭᠴᠢᠳ ᠳᠦᠭᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠭᠠᠶᠢᠬᠠᠮᠰᠢᠭ ᠢ ᠤᠶᠢᠯᠠᠭᠠᠨ᠂ ᠣᠶᠤᠨᠴᠢ ᠦᠵᠡᠭᠦᠯᠦᠯᠭᠡ ᠶᠢᠨ ᠪᠣᠳᠠᠰ ᠠᠴᠠ ᠰᠢᠨᠵᠢᠯᠡᠬᠦ ᠤᠬᠠᠭᠠᠨ ᠤ ᠮᠡᠳᠡᠯᠭᠡ ᠶᠢ ᠰᠤᠷᠤᠯᠴᠠᠵᠤ᠂ ᠵᠤᠭ᠎ᠠ ᠴᠡᠩᠭᠡᠯ ᠤᠨ ᠠᠭᠤᠷ ᠠᠮᠢᠰᠬᠤᠯ ᠤᠨ ᠳᠤᠮᠳᠠ ᠰᠢᠨᠵᠢᠯᠡᠬᠦ ᠤᠬᠠᠭᠠᠨ ᠠᠴᠠ ᠪᠣᠯᠤᠭᠰᠠᠨ ᠪᠠᠶᠠᠷ ᠪᠠᠶᠠᠰᠤᠯ ᠢ ᠮᠡᠳᠡᠷᠡᠪᠡ᠃    ᠳᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠮ ᠲᠡᠷᠭᠡ ᠶᠢᠨ ᠲᠡᠷᠭᠡᠨ ᠠᠴᠢᠶᠠᠯᠠᠪᠤᠷᠢ ᠶᠢᠨ ᠡᠬᠢ ᠪᠠᠶᠠᠯᠢᠭ ᠢ ᠠᠰᠢᠭᠯᠠᠨ ᠨᠡᠩ ᠤᠯᠠᠨ ︽ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠬᠦᠰᠡᠯ ᠵᠡᠭᠦᠳᠦ ᠪᠠᠨ ᠬᠥᠭᠡᠭᠡᠴᠡᠯᠳᠦᠬᠦ ᠳᠤ ᠬᠦᠴᠦᠨ ᠨᠡᠮᠡᠷᠢᠯᠡᠬᠦ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠨᠡᠭᠦᠳᠡᠯ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠤᠬᠠᠭᠤᠯᠭ᠎ᠠ ᠳᠡᠯᠭᠡᠨ ᠦᠵᠡᠭᠦᠯᠬᠦ ᠵᠢᠭᠠᠨ ᠰᠤᠷᠭᠠᠯᠲᠠ ᠶᠢᠨ ᠴᠢᠳᠠᠪᠬᠢ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠴᠢᠯᠡᠭᠡ ᠶᠢ ᠵᠠᠯᠠᠭᠤᠴᠤᠳ ᠪᠠᠭᠠᠴᠤᠳ ᠤᠨ ᠳᠡᠷᠭᠡᠳᠡ ᠠᠪᠴᠢᠷᠠᠵᠤ᠂ ᠬᠡᠦᠬᠡᠳ ᠤᠳ ᠲᠤ ᠰᠢᠨᠵᠢᠯᠡᠬᠦ ᠤᠬᠠᠭᠠᠨᠴᠢ ᠴᠢᠨᠠᠷ᠂ ᠰᠣᠨᠢᠷᠬᠠᠯᠲᠤ ᠴᠢᠨᠠᠷ᠂ ᠣᠷᠣᠯᠴᠠᠬᠤ ᠴᠢᠨᠠᠷ ᠢ ᠨᠢᠭᠡ ᠴᠤᠬᠴᠠᠵᠢᠭᠤᠯᠤᠬᠰᠠᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠦᠪᠡᠳᠡᠭᠰᠢ ᠨᠠᠶᠢᠷ ᠢ ᠢᠯᠡᠷᠡᠭᠦᠯᠵᠦ᠂ ᠰᠤᠷᠤᠭᠴᠢᠳ ᠤᠨ ᠰᠣᠨᠢᠷᠬᠠᠯ ᠢ ᠬᠥᠭᠵᠢᠭᠡᠵᠦ᠂ ᠰᠡᠳᠬᠢᠨ ᠪᠤᠳᠤᠬᠤ ᠴᠢᠳᠠᠪᠤᠷᠢ ᠪᠣᠯᠤᠨ ᠬᠠᠶᠢᠨ ᠰᠦᠪᠡᠭᠴᠢᠯᠡᠬᠦ ᠬᠦᠰᠡᠯ ᠢ ᠨᠢ ᠬᠥᠭᠵᠢᠭᠡᠵᠦ᠂ ᠬᠥᠳᠡᠭᠡ ᠲᠣᠰᠬᠤᠨ ᠤ ᠰᠤᠷᠤᠭᠴᠢᠳ ᠤᠨ ᠨᠡᠩ ᠪᠦᠬᠦ ᠲᠠᠯ᠎ᠠ ᠪᠠᠷ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠬᠠᠶᠢᠨ ᠰᠦᠪᠡᠭᠴᠢᠯᠡᠯᠲᠡ ᠶᠢᠨ ᠦᠷ᠎ᠡ ᠶᠢ ᠰᠤᠷᠤᠭᠴᠢᠳ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃                    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2