ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠭᠠᠭ᠋ᠠᠶ ᠨᠢᠲᠤᠯᠬᠤ ᠶᠠᠰᠤ ᠴᠢᠨᠠᠷ ᠤᠨ | ᠬᠠᠮᠢᠶᠠᠷᠤᠯᠲᠠ ᠶᠢᠨ ᠵᠢᠷᠤᠮᠵᠢᠯ︾ ᠢ ᠨᠠᠶᠢᠳᠠᠪᠤᠷᠢᠵᠢᠭᠤᠯᠬᠤ ᠠᠵᠢᠯ ᠤᠨ ᠲᠥᠰᠦᠯ ᠤᠨ ᠮᠡᠳᠡᠭᠳᠡᠯ ᠢ ᠦᠨᠳᠦᠰᠦᠯᠡᠨ᠂ | 10 ᠰᠠᠷ᠎ᠠ ᠶᠢᠨ 25 ᠤ ᠡᠳᠦᠷ᠂ ᠲᠦᠩᠯᠢᠶᠣᠤ ᠬᠤᠲᠠ᠂ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠮᠠᠯ ᠡᠮᠨᠡᠯᠭᠡ ᠶᠢᠨ ᠰᠠᠯᠠᠭ᠎ᠠ ᠵᠢᠴᠢ ᠠᠮᠢᠲᠠᠨ ᠤ ᠡᠷᠡᠭᠦᠯ ᠬᠠᠮᠠᠭᠠᠯᠠᠯ ᠤᠨ ᠬᠢᠵᠢᠭ | ᠪᠠᠶᠢᠴᠠᠭᠠᠵᠤ ᠰᠢᠯᠭᠠᠨ ᠪᠠᠶᠢᠴᠠᠭᠠᠬᠤ ᠲᠥᠪ ᠢᠶᠠᠷ ᠪᠦᠷᠢᠯᠳᠦᠭᠰᠡᠨ ᠪᠥᠬᠦ ᠣᠷᠣᠨ ᠤ ᠭᠠᠭ᠋ᠠᠶ ᠨᠢᠲᠤᠯᠬᠤ ᠲᠣᠭᠲᠠᠭᠰᠠᠨ | ᠴᠡᠭ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠭᠤᠯᠤᠭᠰᠠᠨ ᠪᠠᠶᠢᠴᠠᠭᠠᠬᠤ ᠳᠤᠭᠤᠶᠢᠯᠠᠩ ᠲᠠᠢ ᠬᠠᠮᠲᠤᠷᠠᠨ | ᠵᠦᠸᠧᠽᠢ ᠰᠢᠶᠠᠨ ᠤ ᠪᠠᠶ ᠰᠧ ᠲᠧ ᠭᠠᠭ᠋ᠠᠶ ᠨᠢᠲᠤᠯᠬᠤ ᠲᠣᠭᠲᠠᠭᠰᠠᠨ ᠴᠡᠭ ᠤᠨ ᠨᠢᠲᠤᠯᠬᠤ ᠦᠢᠯᠡᠳᠪᠦᠷᠢ ᠪᠠ ᠵᠢᠤᠢ | ᠶᠤᠸᠠᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ ᠳᠤ ᠪᠠᠶᠢᠴᠠᠭᠠᠯᠲᠠ ᠬᠢᠪᠡ᠃ | ᠪᠠᠶᠢᠴᠠᠭᠠᠬᠤ ᠳᠤᠭᠤᠶᠢᠯᠠᠩ ︽ᠭᠠᠭ᠋ᠠᠶ ᠨᠢᠲᠤᠯᠬᠤ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠤᠨ | ᠪᠠᠶᠢᠴᠠᠭᠠᠯᠲᠠ ᠶᠢᠨ ᠪᠠᠷᠢᠮᠵᠢᠶ᠎ᠠ︾ ᠶᠢᠨ ᠱᠠᠭᠠᠷᠳᠠᠯᠭ᠎ᠠ ᠶᠣᠰᠣᠭᠠᠷ᠂ 160 ᠵᠦᠢᠯ ᠤᠨ ᠪᠠᠶᠢᠴᠠᠭᠠᠯᠲᠠ ᠶᠢᠨ ᠲᠥᠷᠥᠯ | ᠵᠦᠢᠯ ᠳᠤ ᠴᠢᠭᠯᠡᠭᠦᠯᠦᠨ᠂ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠡᠮᠳᠡᠭᠯᠡᠬᠦ᠂ ᠵᠢᠷᠤᠭ ᠵᠢᠷᠤᠭ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠠᠯᠠᠰᠢᠨ ᠤ ᠲᠠᠰᠤᠭ᠂ ᠠᠯᠠᠵᠤ ᠨᠢᠲᠤᠯᠬᠤ ᠲᠠᠰᠤᠭ᠂ ᠰᠢᠯᠭᠠᠨ ᠪᠠᠶᠢᠴᠠᠭᠠᠬᠤ | ᠲᠠᠰᠤᠭ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠦᠢᠯ ᠳᠠᠷᠠᠭᠠᠯᠠᠨ ᠨᠠᠷᠢᠨ ᠨᠢᠮᠪᠠᠶ ᠪᠠᠶᠢᠴᠠᠭᠠᠯᠲᠠ | ᠬᠢᠭᠰᠡᠨ ᠪᠥᠭᠡᠳ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠶᠡᠷᠦᠩᠬᠡᠶᠢᠯᠡᠨ ᠦᠨᠡᠯᠡᠨ ᠲᠣᠭᠲᠠᠭᠠᠪᠠ᠃ | ᠲᠣᠰ ᠤᠳᠠᠭᠠᠨ ᠤ ᠪᠠᠶᠢᠴᠠᠭᠠᠯᠲᠠ ᠨᠢ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ | ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠭᠠᠭ᠋ᠠᠶ ᠨᠢᠲᠤᠯᠬᠤ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠮᠠᠨ ᠤ ᠰᠢᠶᠠᠨ ᠤ ᠮᠢᠬᠠᠨ ᠤ ᠲᠥᠷᠥᠯ ᠤᠨ ᠢᠳᠡᠭᠡᠨ ᠤ ᠠᠮᠤᠷ ᠲᠦᠪᠰᠢᠨ ᠢ | ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |