ᠵᠦᠸᠧᠽᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ︽ᠬᠠᠨ ᠢ ᠵᠢᠶᠧ︾ ᠠᠴᠠ ᠡᠮᠦᠨᠡᠬᠢ ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/11/7
    10 ᠰᠠᠷ᠎ᠠ ᠶᠢᠨ 31 ᠤ ᠡᠳᠦᠷ ᠤᠨ ︽ᠬᠠᠨ ᠢ ᠵᠢᠶᠧ︾ ᠤᠨ ᠬᠤᠭᠤᠴᠠᠭᠠᠨ ᠳᠤ᠂ ᠵᠦᠸᠧᠽᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠲᠤᠰᠬᠠᠢ ᠪᠠᠶᠢᠴᠠᠭᠠᠯᠲᠠ ᠶᠢ ᠢᠳᠡᠪᠬᠢᠲᠡᠢ ᠥᠷᠨᠢᠭᠦᠯᠪᠡ᠃ ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠵᠣᠷᠢᠯᠭ᠎ᠠ ᠨᠢ ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠹᠧᠣᠳᠠᠯ ᠤᠨ ᠮᠤᠬᠤᠷ ᠪᠢᠰᠢᠷᠡᠯ ᠤᠨ ᠣᠷᠣᠰᠢᠭᠤᠯᠭ᠎ᠠ ᠶᠢᠨ ᠬᠡᠷᠡᠭᠰᠡᠯ ᠢ ᠬᠠᠤᠯᠢ ᠪᠤᠰᠤ ᠪᠠᠷ ᠪᠣᠷᠣᠯᠠᠭᠤᠯᠬᠤ ᠠᠵᠢᠯᠯᠠᠭ᠎ᠠ ᠳᠤ ᠴᠣᠬᠢᠯᠲᠠ ᠥᠭᠴᠦ᠂ ᠪᠣᠯᠪᠠᠰᠤᠨ ᠲᠠᠬᠢᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠶᠢᠨ ᠲᠥᠯᠥᠭᠡ ᠶᠤᠮ᠃    ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠷ ᠳᠠᠮᠵᠢᠭᠤᠯᠤᠨ᠂ ᠣᠯᠠᠨ ᠣᠷᠣᠰᠢᠭᠤᠯᠭ᠎ᠠ ᠶᠢᠨ ᠬᠡᠷᠡᠭᠰᠡᠯ ᠢ ᠪᠣᠷᠣᠯᠠᠭᠤᠯᠬᠤ ᠬᠤᠳᠠᠯᠳᠤᠭᠠᠴᠢᠨ ᠡᠷᠦᠬᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠡᠶ᠃ ᠬᠠᠤᠯᠢ ᠬᠡᠷᠡᠭᠵᠢᠭᠦᠯᠬᠦ ᠠᠵᠢᠯᠲᠠᠨ ᠹᠧᠣᠳᠠᠯ ᠤᠨ ᠮᠤᠬᠤᠷ ᠰᠦᠰᠦᠭ ᠤᠨ ᠲᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠬᠤᠳᠠᠯᠳᠤᠭᠠᠴᠢᠨ ᠳᠤ ᠬᠦᠯᠢᠴᠡᠩᠭᠦᠢ ᠪᠠᠷ ᠬᠥᠮᠦᠵᠢᠯ ᠬᠢᠬᠦ ᠶᠢᠨ ᠬᠠᠮᠲᠤ ᠬᠤᠳᠠᠯᠳᠤᠭᠠᠴᠢᠳ ᠢ ᠵᠠᠷᠯᠢᠭᠳᠠᠨ ᠬᠤᠯᠪᠣᠭᠳᠠᠯ ᠪᠦᠬᠦᠢ ᠲᠠᠸᠠᠷ ᠢ ᠪᠠᠭᠤᠯᠭᠠᠵᠤ᠂ ᠬᠠᠷᠢᠶ᠎ᠠ ᠣᠷᠣᠨ ᠤ ᠪᠠᠨ ᠹᠧᠣᠳᠠᠯ ᠤᠨ ᠮᠤᠬᠤᠷ ᠪᠢᠰᠢᠷᠡᠯ ᠤᠨ ᠲᠠᠬᠢᠯᠭ᠎ᠠ ᠶᠢᠨ ᠬᠡᠷᠡᠭᠰᠡᠯ ᠢ ᠪᠣᠷᠣᠯᠠᠭᠤᠯᠬᠤ ᠨᠡᠭᠦᠳᠡᠯ ᠮᠠᠶᠢᠮᠠᠶᠢᠴᠢᠨ ᠢ ᠬᠤᠷᠢᠭᠯᠠᠨ ᠵᠣᠭᠰᠣᠭᠠᠬᠤ ᠶᠢᠨ ᠬᠠᠮᠲᠤ ᠬᠦᠯᠢᠴᠡᠩᠭᠦᠢ ᠪᠠᠷ ᠢᠳᠬᠠᠵᠤ᠂ ᠪᠣᠯᠪᠠᠰᠤᠨ ᠲᠠᠬᠢᠯᠭ᠎ᠠ ᠶᠢᠨ ᠣᠶᠢᠯᠠᠭᠠᠭᠳᠠᠬᠤᠨ ᠢ ᠤᠬᠠᠭᠤᠯᠵᠤ᠂ ᠳᠡᠯᠭᠡᠭᠦᠷᠴᠢᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠨ ᠤ᠂ ᠣᠷᠴᠢᠨ ᠲᠣᠭᠤᠷᠢᠨ ᠢ ᠬᠠᠮᠠᠭᠠᠯᠠᠬᠤ ᠡᠵᠡᠩᠨᠡᠯᠲᠡ ᠶᠢᠨ ᠲᠦᠷᠦᠯ ᠵᠦᠢᠯ ᠢ ᠰᠣᠩᠭᠤᠭᠤᠯᠪᠠ᠃    ᠲᠣᠰ ᠤᠳᠠᠭᠠᠨ ᠤ ᠲᠤᠰᠬᠠᠶ ᠪᠠᠶᠢᠴᠠᠭᠠᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠦᠲᠦᠮᠵᠢᠲᠡᠶ ᠴᠡᠪᠡᠷᠰᠢᠭᠦᠯᠦᠭᠰᠡᠨ ᠢᠶᠠᠷ ᠪᠠᠷᠠᠬᠤ ᠥᠬᠡᠶ ᠪᠠᠰᠠ ᠬᠤᠳᠠᠯᠳᠤᠭᠠᠴᠢᠨ ᠡᠷᠦᠬᠡ ᠪᠣᠯᠤᠨ ᠣᠯᠠᠨ ᠲᠦᠮᠡᠨ ᠳᠤ ᠪᠣᠯᠪᠠᠰᠤᠨ ᠲᠠᠬᠢᠯᠭ᠎ᠠ ᠶᠢᠨ ᠴᠢᠬᠤᠯᠠ ᠠᠴᠢ ᠬᠤᠯᠪᠣᠭᠳᠠᠯ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ ᠨᠡᠶᠢᠲᠡ ᠶᠢᠨ ᠪᠣᠯᠪᠠᠰᠤᠨ ᠲᠠᠬᠢᠯᠭ᠎ᠠ ᠶᠢᠨ ᠲᠤᠬᠠᠶ ᠲᠠᠨᠢᠯᠲᠠ ᠪᠠ ᠣᠶᠢᠯᠠᠭᠠᠯᠲᠠ ᠶᠢ ᠳᠡᠭᠡᠭᠰᠢᠯᠡᠭᠦᠯᠪᠡ᠃    ᠵᠦᠸᠧᠽᠢ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠣᠷᠣᠰᠢᠭᠤᠯᠭ᠎ᠠ ᠶᠢᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠣᠯᠠᠨ ᠨᠡᠶᠢᠲᠡ ᠳᠤ ᠪᠣᠯᠪᠠᠰᠤᠨ ᠲᠠᠬᠢᠯᠭ᠎ᠠ ᠶᠢᠨ ᠣᠶᠢᠯᠠᠭᠠᠭᠳᠠᠬᠤᠨ ᠪᠠ ᠪᠣᠬᠢᠷᠲᠤᠯ ᠥᠬᠡᠶ ᠣᠷᠣᠰᠢᠭᠤᠯᠭ᠎ᠠ ᠶᠢᠨ ᠠᠷᠭ᠎ᠠ ᠮᠠᠶ᠋ᠢᠭ ᠢ ᠤᠬᠠᠭᠤᠯᠵᠤ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠣᠷᠣᠰᠢᠭᠤᠯᠭ᠎ᠠ ᠶᠢᠨ ᠵᠥᠪ ᠦᠵᠡᠯᠲᠡ ᠶᠢ ᠪᠣᠶ ᠪᠣᠯᠭᠠᠨ᠎ᠠ᠃                    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2