ᠢᠨᠲ᠋ᠧᠷ ᠰᠦᠯᠵᠢᠶ᠎ᠡ᠂ ᠡᠭᠦᠯᠡᠨ ᠪᠣᠳᠣᠯᠲᠠ ᠶᠢᠨ ᠨᠢᠰᠬᠦ ᠮᠡᠲᠦ ᠲᠦᠷᠭᠡᠨ ᠬᠥᠭᠵᠢᠬᠦ ᠶᠢ ᠳᠠᠭᠠᠯᠳᠤᠨ᠂ | ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠳᠤ | ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ | ᠪᠣᠯᠣᠨ᠎ᠠ᠃ | ᠵᠦᠸᠧᠽᠢ ᠰᠢᠶᠠᠨ ᠤ ᠬᠦᠢᠲᠡᠨ ᠰᠢᠯᠢ ᠲᠠᠯ᠎ᠠ ᠶᠢᠨ ᠮᠠᠯᠴᠢᠨ ᠯᠢ ᠢᠦᠢ ᠳᠠᠭᠠᠭᠤᠯᠢ ᠣᠳᠣᠨ ᠮᠠᠯᠵᠢᠬᠤ | ᠰᠢᠰᠲ᠋ᠧᠮ ᠢᠶᠠᠷ ᠳᠠᠮᠵᠢᠨ ᠠᠳᠤᠭᠤᠨ ᠰᠦᠷᠦᠭ ᠤᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠵᠦ ᠪᠠᠶᠢᠨ᠎ᠠ᠃ | ᠳᠠᠭᠠᠭᠤᠯᠢ ᠣᠳᠣ ᠪᠠᠷ ᠬᠠᠷᠢᠭᠤᠯᠬᠤ ᠰᠢᠰᠲ᠋ᠧᠮ ᠪᠣᠯ ᠪᠦᠬᠦ ᠪᠥᠮᠪᠥᠷᠴᠡᠭ ᠤᠨ ᠳᠠᠭᠠᠭᠤᠯᠢ ᠣᠳᠣᠨ ᠤ ᠣᠷᠣᠨ | ᠲᠣᠭᠲᠠᠭᠠᠬᠤ ᠰᠢᠰᠲ᠋ᠧᠮ᠂ ᠭᠠᠵᠠᠷ ᠵᠦᠢ ᠶᠢᠨ ᠡᠳᠡᠭᠡ ᠵᠠᠩᠭᠢᠴᠢᠯᠠᠬᠤ ᠰᠢᠰᠲ᠋ᠧᠮ ᠪᠣᠯᠤᠨ ᠠᠯᠤᠰ ᠰᠠᠷᠠᠯ ᠤᠨ | ᠱᠢᠰᠲ᠋ᠧᠮ ᠵᠡᠷᠭᠡ ᠬᠠᠮᠢᠶ᠎ᠠ ᠪᠦᠬᠦᠢ ᠡᠷᠭᠡᠵᠢᠯ ᠢ ᠬᠡᠷᠡᠭᠯᠡᠵᠦ᠂ ᠲᠣᠯᠣᠭᠠᠢ ᠮᠣᠷᠢᠨ ᠤ ᠳᠠᠭᠠᠭᠤᠯᠢ ᠣᠳᠣᠨ ᠤ ᠣᠷᠣᠨ | ᠪᠠᠢᠷᠢ ᠲᠣᠭᠲᠠᠭᠠᠬᠤ ᠭᠡᠱᠢᠭᠦᠳ ᠢ ᠵᠡᠭᠦᠵᠦ᠂ ᠠᠳᠤᠭᠤᠨ ᠰᠦᠷᠦᠭ ᠤᠨ ᠣᠷᠣᠨ ᠪᠠᠢᠷᠢ᠂ ᠵᠠᠢ᠂ ᠱᠢᠯᠵᠢᠮᠡᠯ ᠵᠠᠮ | ᠱᠤᠭᠤᠮ ᠵᠡᠷᠭᠡ ᠡᠳᠡᠭᠡ ᠵᠠᠩᠭᠢ ᠶᠢ ᠰᠦᠯᠵᠢᠶᠡᠨ ᠤ ᠨᠢᠭᠤᠷ ᠢᠶᠠᠷ ᠦᠵᠡᠭᠦᠯᠬᠦ ᠪᠤᠶᠤ ᠭᠠᠷ ᠤᠲᠠᠰᠤᠨ ᠤ ᠣᠬᠤᠷ | ᠡᠳᠡᠭᠡ ᠶᠠᠪᠤᠭᠤᠯᠬᠤ ᠠᠷᠭ᠎ᠠ ᠠᠶᠢᠭ ᠢᠶᠠᠷ ᠠᠯᠴᠢᠳ ᠲᠤ ᠡᠳᠡᠭᠦᠯᠵᠦ᠂ ᠠᠳᠤᠭᠤᠨ ᠰᠦᠷᠦᠭ ᠠᠴᠠ ᠬᠤᠯᠠ ᠪᠠᠢᠬᠤ | ᠦᠶ᠎ᠡ ᠳᠤ ᠪᠠᠰᠠ ᠮᠠᠯ ᠬᠠᠷᠢᠭᠤᠯᠵᠤ ᠴᠢᠳᠠᠬᠤ ᠪᠣᠯᠭᠠᠨ᠎ᠠ᠃ | ᠵᠦᠸᠧᠽᠢ ᠰᠢᠶᠠᠨ ᠤ ᠪᠠᠶᠠᠨᠰᠢᠯᠢ ᠪᠠᠯᠭᠠᠰᠤᠨ ᠤ ᠰᠠᠨ ᠭᠠᠢ ᠣᠪᠣᠭ᠎ᠠ ᠲᠣᠰᠬᠤᠨ ᠤ ᠮᠠᠯᠴᠢᠨ ᠯᠢ ᠢᠦᠢ ᠠᠴᠠ | ᠠᠳᠤᠭᠤᠨ ᠰᠦᠷᠦᠭ ᠢ ᠡᠯᠧᠺᠳ᠋ᠷᠣᠨ ᠢᠶᠠᠷ ᠨᠢ ᠮᠥᠷᠳᠡᠨ ᠳᠠᠭᠠᠬᠤ ᠴᠢᠳᠠᠮᠵᠢ ᠲᠠᠢ ᠪᠥᠭᠡᠳ ᠠᠳᠤᠭᠤᠨ | ᠰᠦᠷᠦᠭ ᠤᠨ ᠪᠠᠶᠢᠳᠠᠯ ᠢ ᠴᠤ ᠣᠯᠵᠤ ᠬᠠᠷᠠᠬᠤ ᠪᠣᠯᠣᠨ᠎ᠠ᠃ ᠥᠩᠭᠡᠷᠡᠭᠰᠡᠨ ᠳᠤ ᠬᠤᠶᠠᠷ ᠭᠤᠷᠪᠠᠨ ᠡᠳᠦᠷ ᠡᠷᠢᠵᠦ | ᠪᠠᠶᠢᠨ᠎ᠠ᠂ ᠣᠳᠣ ᠪᠠᠶᠢᠷᠢ ᠲᠣᠭᠲᠠᠭᠠᠯᠲᠠ ᠬᠢᠪᠡᠯ ᠡᠷᠢᠵᠦ ᠣᠯᠵᠤ ᠳᠡᠶᠢᠯᠦᠨ᠎ᠡ᠂ ᠲᠤᠩ ᠳᠦᠭᠦᠮ᠂ ᠠᠮᠠᠷᠬᠠᠨ᠃ | ᠰᠦᠢᠳᠭᠡᠯ ᠨᠢ ᠴᠦ ᠥᠨᠳᠥᠷ ᠪᠢᠱᠢ᠂ ᠨᠢᠭᠡ ᠵᠢᠯ 48 ᠲᠥᠭᠦᠷᠢᠭ᠂ ᠪᠠᠰᠠ ᠨᠢᠭᠡ ᠵᠢᠯ ᠨᠢᠭᠡ ᠤᠳᠠᠭ᠎ᠠ ᠴᠠᠬᠢᠯᠭᠠᠨ | ᠨᠡᠮᠡᠪᠡᠯ ᠬᠦᠷᠴᠢᠬᠡᠨ᠎ᠡ᠃ | ᠣᠶᠢᠷ᠎ᠠ ᠶᠢᠨ ᠬᠡᠳᠦᠨ ᠵᠢᠯ ᠳᠤ᠂ ᠣᠶᠤᠨᠴᠢ ᠮᠠᠯᠵᠢᠯ ᠤᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠰᠡᠨ ᠨᠢ | ᠵᠦᠸᠧᠽᠢ ᠰᠢᠶᠠᠨ ᠤ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ ᠳᠤ ᠲᠦᠢᠯ ᠤᠨ ᠶᠡᠭᠡ ᠲᠥᠬᠦᠮ ᠦᠵᠡᠭᠦᠯᠵᠦ᠂ | ᠲᠦᠮᠡᠨ ᠲᠥᠭᠦᠷᠢᠭ ᠤᠨ ᠦᠬᠡᠷ ᠬᠤᠨᠢ ᠮᠣᠷᠢ ᠪᠠᠷ ᠲᠠᠯ᠎ᠠ ᠨᠤᠲᠤᠭ ᠲᠤ ᠲᠠᠷᠬᠠᠵᠤ᠂ ᠮᠠᠯᠴᠢᠳ ᠨᠢᠭᠡ ᠲᠠᠯ᠎ᠠ ᠶᠢᠨ | ᠳᠡᠯᠭᠡᠴᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠢᠨᠠᠨ ᠡᠵᠡᠮᠳᠡᠵᠦ᠂ ᠣᠨᠣᠪᠴᠢᠲᠠᠶ ᠪᠠᠶᠢᠷᠢ ᠲᠣᠭᠲᠠᠭᠠᠯᠲᠠ ᠬᠢᠵᠦ | ᠂ ᠥᠩᠭᠡᠷᠡᠭᠰᠡᠨ ᠤ ᠰᠠᠯᠬᠢ ᠰᠥᠷᠦᠨ ᠴᠠᠰᠤ ᠤᠷᠤᠭᠰᠠᠨ ᠪᠠᠶᠢᠳᠠᠯ ᠢ ᠲᠦᠢᠯᠪᠤᠷᠢᠲᠠᠶ ᠬᠤᠪᠢᠷᠠᠭᠤᠯᠵᠤ᠂ ᠠᠮᠤᠷ | ᠲᠦᠪᠰᠢᠨ᠂ ᠥᠨᠳᠥᠷ ᠪᠦᠲᠦᠮᠵᠢᠲᠡᠶ᠂ ᠣᠶᠤᠨ ᠤᠬᠠᠭᠠᠨ᠂ ᠳᠥᠭᠦᠮ ᠳᠥᠲᠡ ᠮᠠᠯ ᠮᠠᠯᠵᠢᠬᠤ ᠨᠢ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠬᠦᠴᠦᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ | ᠬᠠᠩᠭᠠᠭᠰᠠᠨ ᠪᠠᠶᠢᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |