ᠵᠦᠸᠧᠽᠢ ᠰᠢᠶᠠᠨ ᠡᠨᠡ ᠡᠪᠦᠯ ᠢᠷᠡᠬᠦ ᠬᠠᠪᠤᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠴᠢ ᠪᠢᠯᠢᠭ ᠤᠨ ᠤᠯᠠᠷᠢᠯ ᠤᠨ ︽ᠠᠷᠪᠠᠨ ᠰᠠᠷ᠎ᠠ ᠶᠢᠨ ᠨᠢᠭᠡᠨ︾ ᠤ ᠭᠤᠤᠯᠳᠠᠯᠭ᠎ᠠ ᠲᠠᠢ ᠴᠠᠭ ᠬᠤᠭᠤᠴᠠᠭᠠᠨ ᠤ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/7
    10 ᠰᠠᠷ᠎ᠠ ᠶᠢᠨ 31 ᠤ ᠡᠳᠦᠷ᠂ ᠵᠦᠸᠧᠽᠢ ᠰᠢᠶᠠᠨ ᠡᠨᠡ ᠡᠪᠦᠯ ᠢᠷᠡᠬᠦ ᠬᠠᠪᠤᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠴᠢ ᠪᠢᠯᠢᠭ ᠤᠨ ᠤᠯᠠᠷᠢᠯ ᠤᠨ ︽ᠠᠷᠪᠠᠨ ᠰᠠᠷ᠎ᠠ ᠶᠢᠨ ᠨᠢᠭᠡᠨ︾ ᠤ ᠭᠤᠤᠯᠳᠠᠯᠭ᠎ᠠ ᠲᠠᠢ ᠴᠠᠭ ᠬᠤᠭᠤᠴᠠᠭᠠᠨ ᠤ ᠭᠠᠯ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠭᠦᠸᠧ ᠬᠤᠩ ᠭᠤᠸᠠᠩ ᠬᠤᠷᠠᠯ ᠢ ᠡᠷᠭᠢᠯᠡᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠸᠠᠩ ᠰᠢᠨ ᠴᠦᠨ ᠬᠤᠷᠠᠯ ᠳᠤ ᠣᠷᠣᠯᠴᠠᠪᠠ᠃   ᠬᠤᠷᠠᠯ ᠠᠴᠠ ᠤᠢᠢᠷ᠎ᠠ ᠶᠢᠨ ᠬᠤᠭᠤᠴᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠶᠢᠨ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠮᠠᠨ ᠤ ᠰᠢᠶᠠᠨ ᠨᠢᠭᠡᠨᠲᠡ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠵᠤ᠂ ᠭᠠᠯ ᠰᠡᠷᠭᠡᠶᠢᠯᠡᠬᠦ ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠨ᠎ᠠ᠃ ᠪᠥᠬᠦ ᠰᠢᠶᠠᠨ ᠤ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠴᠠᠭ ᠲᠤᠬᠠᠶ ᠳᠤᠨᠢ ᠲᠣᠬᠢᠷᠠᠭᠤᠯᠤᠨ ᠪᠠᠶᠢᠷᠢᠯᠠᠭᠤᠯᠵᠤ᠂ ᠮᠠᠨ ᠤ ᠰᠢᠶᠠᠨ ᠤ ᠪᠢᠯᠢᠭ ᠤᠨ ᠤᠯᠠᠷᠢᠯ ᠤᠨ ︽ᠠᠷᠪᠠᠨ ᠰᠠᠷ᠎ᠠ ᠶᠢᠨ ᠨᠢᠭᠡᠨ︾ ᠤ ᠬᠤᠭᠤᠴᠠᠭ᠎ᠠ ᠪᠠ ᠨᠠᠮᠤᠷ ᠡᠪᠦᠯ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠬᠢᠵᠦ᠂ ᠪᠥᠬᠦ ᠰᠢᠶᠠᠨ ᠤ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃    ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠠ ᠤᠯᠤᠰ ᠲᠦᠷᠦ ᠶᠢᠨ ᠬᠠᠷᠢᠭᠤᠴᠠᠯᠭ᠎ᠠ ᠪᠣᠯᠭᠠᠨ ᠴᠢᠩᠭ᠎ᠠ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ︽ᠭᠠᠯ ᠤᠨ ᠠᠶᠤᠯ ᠢ ᠡᠷᠲᠡ ᠠᠷᠢᠯᠭᠠᠬᠤ᠂ ᠭᠠᠯ ᠤᠨ ᠠᠶᠤᠯ ᠢ ᠡᠷᠲᠡ ᠤᠷᠢᠳᠴᠢᠯᠠᠨ ᠮᠡᠳᠡᠭᠡᠯᠡᠬᠦ᠂ ᠭᠠᠯ ᠤᠨ ᠪᠠᠶᠢᠳᠠᠯ ᠢ ᠡᠷᠲᠡ ᠢᠯᠡᠷᠡᠭᠦᠯᠬᠦ᠂ ᠭᠠᠯ ᠤᠨ ᠠᠶᠤᠯ ᠢ ᠡᠷᠲᠡ ᠰᠢᠢᠳᠪᠦᠷᠢᠯᠡᠬᠦ︾ ᠶᠢ ᠦᠨᠡᠨᠬᠦ ᠪᠡᠶᠡᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠢ ᠬᠤᠷᠢᠭᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠴᠢᠩᠭᠠᠳᠬᠠᠵᠤ᠂ ᠭᠠᠯ ᠰᠡᠷᠭᠡᠶᠢᠯᠡᠨ ᠤᠨᠲᠠᠷᠠᠭᠠᠬᠤ ᠡᠳ᠋ ᠪᠣᠳᠠᠰ ᠤᠨ ᠨᠥᠭᠡᠴᠡ ᠶᠢ ᠪᠠᠲᠤᠯᠠᠵᠤ᠂ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠬᠠᠨᠳᠤᠯᠭᠠᠲᠤ ᠴᠢᠨᠠᠷᠲᠠᠢ ᠪᠠᠷ ᠲᠡᠭᠦᠯᠳᠡᠷᠵᠢᠭᠦᠯᠬᠦ ᠶᠢᠨ ᠬᠠᠮᠲᠤ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠬᠦ ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠡᠷᠦᠬᠡ ᠪᠣᠯᠭᠠᠨ ᠳᠤ ᠮᠡᠳᠡᠭᠦᠯᠵᠦ᠂ ᠬᠥᠮᠥᠨ ᠪᠦᠬᠦᠨ ᠳᠤ ᠮᠡᠳᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠤᠨ ᠪᠠᠶᠢᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠲᠣᠭᠤᠷᠢᠨ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠭᠤᠤᠯᠳᠠᠯᠭ᠎ᠠ ᠲᠠᠢ ᠣᠷᠣᠨ ᠪᠦᠰᠡ ᠳᠤ ᠨᠡᠶᠢᠳᠡᠮ ᠵᠢᠭᠰᠠᠭᠠᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ᠃                    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2