ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠡᠪᠯᠡᠯ ᠤᠨ | ᠠᠷᠪᠠᠨ ᠬᠤᠶᠠᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠨᠢᠭᠡ ᠬᠥᠮᠦᠨ ᠪᠤᠵᠠᠷ ᠪᠤᠷᠲᠠᠭ᠂ ᠲᠦᠮᠡᠨ ᠡᠷᠦᠬᠡ ᠴᠡᠪᠡᠷ ᠪᠠᠶᠢᠬᠤ︾ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠬᠦᠨᠳᠦᠳᠬᠡᠬᠦ᠂ | ᠣᠶᠢᠯᠠᠭᠠᠬᠤ᠂ ᠬᠠᠯᠠᠮᠵᠢᠯᠠᠬᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠥᠷᠭᠡᠨ ᠢᠶᠠᠷ ᠪᠤᠢ ᠪᠣᠯᠭᠠᠬᠤ ᠶᠢᠨ | ᠲᠥᠯᠥᠭᠡ᠂ 10 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠵᠦᠸᠧᠽᠢ ᠰᠢᠶᠠᠨ ᠤ ᠠᠵᠢᠯᠴᠢᠨ ᠤ | ᠶᠡᠷᠦᠩᠬᠡᠢ ᠡᠪᠯᠡᠯ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠳᠤ ᠬᠦᠨᠳᠦᠳᠬᠡᠯ ᠳᠡᠪᠰᠢᠭᠦᠯᠵᠦ ᠰᠢᠨ᠎ᠡ | ᠴᠠᠭ ᠦᠶ᠎ᠡ ᠶᠢ ᠮᠠᠭᠲᠠᠨ ᠳᠠᠭᠤᠯᠠᠬᠤ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ | ᠲᠥᠪᠯᠡᠷᠡᠭᠦᠯᠦᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠰᠢᠶᠠᠨ ᠤ ᠠᠵᠢᠯᠴᠢᠨ ᠤ ᠶᠡᠷᠦᠩᠬᠡᠶ ᠡᠪᠯᠡᠯ ᠤᠨ ᠤᠳᠤᠷᠢᠳᠬᠤ ᠺᠠᠳ᠋ᠷ | ᠪᠡᠶ᠎ᠡ ᠪᠠᠷ ᠢᠶᠠᠨ ᠲᠤᠬᠠᠶ ᠶᠢᠨ ᠲᠠᠯᠠᠪᠠᠶ᠂ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ᠂ ᠬᠤᠭ ᠨᠣᠪᠰᠢ | ᠰᠢᠢᠳᠪᠦᠷᠢᠯᠡᠬᠦ ᠲᠠᠯᠠᠪᠠᠶ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠬᠠᠶᠢᠷ᠎ᠠ ᠬᠠᠯᠠᠮᠵᠢ ᠶᠢᠨ | ᠥᠷᠲᠡᠭᠡ ᠵᠡᠷᠭᠡ ᠭᠠᠵᠠᠷ ᠲᠤ ᠬᠦᠷᠴᠦ᠂ ᠲᠣᠬᠤᠨᠢᠭᠤᠯᠬᠤ ᠪᠣᠳᠠᠰ ᠢ ᠨᠢᠭᠡᠳ ᠨᠢᠭᠡ ᠪᠠᠷ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯᠴᠢᠨ ᠤ ᠭᠠᠷ ᠲᠤ ᠬᠦᠷᠭᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠴᠢᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠡᠳᠡᠨ ᠤ ᠠᠵᠢᠯ ᠠᠮᠢᠳᠤᠷᠠᠯ ᠤᠨ ᠪᠠᠶᠢᠳᠠᠯ ᠢ ᠨᠠᠷᠢᠨ | ᠣᠶᠢᠯᠠᠭᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠤᠲᠠ ᠶᠢᠨ ᠣᠷᠴᠢᠨ ᠲᠣᠭᠤᠷᠢᠨ ᠢ | ᠴᠡᠪᠡᠷᠰᠢᠭᠦᠯᠬᠦ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ | ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠲᠠᠨ ᠳᠤ ᠬᠠᠶᠢᠷ᠎ᠠ ᠬᠠᠯᠠᠮᠵᠢ ᠪᠠ ᠰᠡᠳᠬᠢᠯ ᠢ ᠠᠪᠴᠢᠷᠠᠵᠤ᠂ ᠨᠠᠮ ᠪᠠ ᠵᠠᠰᠠᠭ ᠤᠨ ᠣᠷᠳᠣᠨ ᠵᠢᠴᠢ | ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ | ᠬᠠᠯᠠᠮᠵᠢᠯᠠᠨ ᠳᠡᠮᠵᠢᠭᠰᠡᠭᠡᠷ ᠢᠷᠡᠭᠰᠡᠨ ᠪᠥᠭᠡᠳ ᠪᠠᠰᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ | ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠵᠦ᠂ ᠲᠡᠳᠡᠨ ᠤ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ | ᠰᠡᠳᠬᠢᠯᠭᠡ ᠶᠢ ᠨᠡᠮᠡᠭᠳᠡᠭᠦᠯᠪᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠠᠴᠠ᠂ ︽ᠨᠢᠭᠡ | ᠬᠥᠮᠦᠨ ᠪᠤᠵᠠᠷ᠂ ᠲᠦᠮᠡᠨ ᠡᠷᠦᠬᠡ ᠴᠡᠪᠡᠷ ᠪᠠᠶᠢᠬᠤ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠣᠷᠢᠭ | ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠥᠪᠡᠷ ᠤᠨ ᠲᠤᠬᠠᠶᠢᠯᠠᠭᠰᠠᠨ ᠠᠵᠢᠯ ᠢᠶᠠᠨ ᠴᠢᠷᠮᠠᠶᠢᠨ ᠰᠠᠶᠢᠲᠤᠷ ᠬᠢᠵᠦ᠂ | ᠦᠵᠡᠰᠬᠦᠯᠡᠩᠲᠦ ᠰᠠᠶᠢᠬᠠᠨ ᠵᠦᠸᠧᠽᠢ ᠶᠢ ᠪᠦᠲᠦᠭᠡᠨ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ | ᠦᠵᠡᠭᠦᠯᠦᠨ᠎ᠡ ᠭᠡᠵᠦ ᠢᠯᠡᠳᠬᠡᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |