ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ︽ᠥᠩᠭᠡ ᠦᠵᠡᠮᠵᠢ︾ ᠶᠢᠨ ᠡᠬᠢ ᠪᠠᠶᠠᠯᠢᠭ ᠡᠯᠪᠡᠭ ᠪᠠᠶᠢᠳᠠᠭ | ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠣᠷᠣᠨ ᠰᠠᠭᠤᠴᠠ᠂ ᠰᠤᠯᠠ ᠪᠠᠶᠢᠭ᠎ᠠ ᠭᠠᠵᠠᠷ ᠵᠡᠷᠭᠡ ᠡᠬᠢ | ᠪᠠᠶᠠᠯᠢᠭ ᠢ ᠠᠰᠢᠭᠯᠠᠵᠤ᠂ ᠭᠡᠷᠡᠯ ᠴᠡᠨᠡᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠣᠰᠬᠤᠨ ᠢ | ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ︽ᠨᠡᠷᠡᠨ ᠭᠡᠷᠡᠯᠲᠦ ᠪᠠᠩᠬᠢ︾ ᠶᠢ ᠪᠠᠶᠢᠭᠤᠯᠤᠨ᠎ᠠ᠃ | ᠭᠦᠨ ᠨᠠᠮᠤᠷ ᠤᠨ ᠤᠯᠠᠷᠢᠯ ᠳᠤ᠂ ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠾᠧ ᠫᠢᠩ | ᠲᠣᠰᠬᠤᠨ ᠤ ᠰᠢ ᠯᠢᠶᠠᠨ ᠵᠢᠶᠠᠨ ᠴᠠᠬᠢᠯᠭᠠᠨ ᠥᠷᠲᠡᠭᠡ ︵5000 KW︶ ᠶᠢᠨ ᠬᠡᠷᠡᠯ ᠴᠡᠨᠡᠭ ᠢᠶᠠᠷ ᠴᠠᠬᠢᠯᠭᠠᠨ | ᠭᠠᠷᠭᠠᠬᠤ ᠲᠣᠭᠤᠷᠢᠭ ᠲᠤ ᠣᠷᠣᠬᠤ ᠳᠤ᠂ ᠮᠥᠷ ᠮᠥᠷ ᠲᠡᠷᠢ ᠲᠡᠭᠰᠢ ᠬᠡᠷᠡᠯ ᠴᠡᠨᠡᠭ ᠤᠨ ᠬᠠᠪᠲᠠᠰᠤ ᠬᠥᠬᠡ | ᠣᠭᠲᠠᠷᠭᠤᠶ ᠶᠢᠨ ᠲᠤᠰᠬᠠᠯ ᠳᠣᠤᠷ᠎ᠠ ᠶᠠᠭ ︽ᠨᠡᠷᠡᠨ ᠭᠡᠷᠡᠯᠲᠦ ᠤᠬᠢᠶᠠᠯ︾ ᠢ ᠡᠳ᠋ᠯᠡᠵᠦ ᠪᠠᠶᠢᠨ᠎ᠠ᠂ ᠬᠡᠷᠡᠯ | ᠡᠨᠧᠷᠭᠢ ᠶᠢᠨ ᠢᠷᠡᠯᠲᠡ ᠶᠢ ᠲᠠᠰᠤᠷᠠᠯᠲᠠ ᠥᠬᠡᠶ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠵᠤ᠂ ︽ᠹᠦ᠋︾ ᠶᠢᠨ | ᠠᠰᠢᠭ ᠬᠤᠷᠠᠮᠳᠤᠭᠤᠯᠵᠤ ᠪᠠᠶᠢᠨ᠎ᠠ᠃ ᠰᠦᠷᠯᠢᠭ ᠰᠠᠶᠢᠬᠠᠨ ᠦᠵᠡᠮᠵᠢ ᠨᠢ ᠡᠨᠡ ᠬᠡᠰᠡᠭ ᠭᠠᠵᠠᠷ ᠰᠢᠷᠣᠢ ᠳᠤ ᠬᠡᠳᠦᠨ | ᠬᠤᠪᠢ ᠨᠡᠮᠡᠵᠡᠢ᠃ | ᠵᠦᠸᠧᠽᠢ ᠰᠢᠶᠠᠨ ᠳᠤᠮᠳᠠᠴᠢ ᠪᠠᠷ 1700 ᠮᠧᠳ᠋ᠷ ᠠᠴᠠ ᠳᠡᠭᠡᠭᠰᠢ ᠡᠷᠭᠦᠭᠳᠡᠵᠦ᠂ ᠵᠢᠯ ᠪᠦᠷᠢ ᠶᠢᠨ ᠭᠡᠷᠡᠯ | ᠲᠤᠰᠤᠯᠲᠠ 2900 ᠭᠠᠷᠤᠢ ᠴᠠᠭ ᠪᠠᠶᠢᠵᠤ᠂ ᠪᠦᠬᠦ ᠤᠯᠤᠰ ᠤᠨ ᠨᠡᠷᠡᠨ ᠤ ᠲᠤᠰᠤᠯᠲᠠ ᠥᠨᠳᠥᠷ ᠣᠷᠣᠨ ᠳᠤ | ᠬᠠᠷᠢᠶᠠᠯᠠᠭᠳᠠᠵᠤ᠂ ᠭᠡᠷᠡᠯ ᠴᠡᠨᠡᠭ ᠤᠨ ᠡᠬᠢ ᠪᠠᠶᠠᠯᠢᠭ ᠥᠪᠡᠷᠮᠢᠴᠡ ᠪᠠᠶᠢᠳᠠᠭ᠃ 2018 ᠣᠨ ᠠᠴᠠ ᠨᠠᠰᠢ᠂ ᠮᠠᠨ ᠤ | ᠰᠢᠶᠠᠨ ᠭᠠᠵᠠᠷ ᠤᠨ ᠲᠥᠷᠬᠦ ᠶᠢᠨ ᠳᠠᠪᠠᠭᠤᠯᠢᠭ ᠵᠢᠴᠢ ᠭᠡᠷᠡᠯ ᠤᠨ ᠲᠤᠰᠤᠯᠲᠠ ᠭᠦᠢᠴᠡᠳ ᠵᠡᠷᠭᠡ ᠣᠨᠴᠠᠯᠢᠭ ᠲᠤ | ᠲᠦᠰᠢᠭᠯᠡᠨ᠂ ᠪᠦᠬᠦ ᠰᠢᠶᠠᠨ ᠤ 8 ᠰᠢᠶᠠᠩ ᠪᠠᠯᠭᠠᠰᠤ᠂ 64 ᠲᠣᠰᠬᠤᠨ ᠳᠤ ᠭᠡᠷᠡᠯ ᠴᠡᠨᠡᠭ ᠤᠨ ᠬᠤᠯᠪᠣᠭᠠᠯᠠᠨ | ᠪᠠᠶᠢᠭᠤᠯᠬᠤ ᠴᠠᠬᠢᠯᠭᠠᠨ ᠥᠷᠲᠡᠭᠡ ᠶᠢ 6 ᠪᠠᠶᠢᠭᠤᠯᠵᠤ᠂ ᠲᠠᠷᠬᠠᠮᠠᠯ ᠲᠣᠰᠬᠤᠨ ᠤ ᠱᠠᠲᠤᠨ ᠤ ᠴᠠᠬᠢᠯᠭᠠᠨ ᠥᠷᠲᠡᠭᠡ | 13 ᠪᠠᠶᠢᠵᠤ᠂ ᠶᠡᠷᠦᠩᠬᠡᠢ ᠬᠡᠪᠴᠢᠶ᠎ᠡ ᠨᠢ 30940 ᠺᠢᠯᠣᠸᠠᠲ ᠬᠦᠷᠪᠡ᠃ ᠲᠥᠷᠥᠯ ᠵᠦᠢᠯ ᠢ ᠬᠤᠶᠠᠷ ᠪᠦᠯᠦᠭ | ᠬᠤᠪᠢᠶᠠᠨ ᠪᠠᠶᠢᠭᠤᠯᠵᠤ᠂ ᠤᠷᠢᠳᠠᠪᠠᠷ 2019 ᠣᠨ ᠤ 5 ᠰᠠᠷ᠎ᠠ᠂ 12 ᠰᠠᠷ᠎ᠠ ᠳᠤ ᠲᠣᠤᠷ ᠲᠤ ᠨᠡᠶᠢᠯᠡᠭᠦᠯᠦᠨ | ᠴᠠᠬᠢᠯᠭᠠᠨ ᠭᠠᠷᠭᠠᠪᠠ᠃ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠨᠢ | ᠡᠯ᠎ᠡ ᠲᠣᠰᠬᠤᠨ ᠳᠤ ︽ᠨᠡᠷᠡᠨ ᠡᠨᠧᠷᠭᠢ ᠶᠢᠨ ᠬᠠᠳᠠᠭᠠᠯᠠᠮᠵᠢ ᠶᠢᠨ ᠳᠡᠪᠲᠡᠷ︾ ᠬᠦᠷᠭᠡᠬᠦ ᠲᠠᠢ ᠲᠡᠩᠴᠡᠨ᠎ᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |