ᠵᠦᠸᠧᠽᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ︽ᠲᠤᠬᠠᠶ ᠶᠢᠨ ᠭᠠᠵᠠᠷ ᠲᠤᠨᠢ ᠭᠦᠨᠵᠡᠭᠡᠶᠢᠷᠡᠨ ᠰᠡᠳᠬᠢᠯ ᠤᠨ ᠳᠠᠭᠤᠨ ᠢ ᠰᠣᠨᠣᠰᠴᠤ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠵᠦ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/7
    ᠮᠠᠨ ᠤ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠪᠣᠳᠠᠲᠠᠶ ᠬᠡᠷᠡᠭᠴᠡᠭᠡ ᠱᠠᠭᠠᠷᠳᠠᠯᠭ᠎ᠠ᠂ ᠬᠦᠴᠢᠷᠳᠡᠯ ᠵᠢᠴᠢ ᠥᠷᠢᠰᠥᠯᠳᠦᠭᠡᠨ ᠢ ᠭᠦᠨᠵᠡᠭᠡᠶ ᠣᠶᠢᠯᠠᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠷᠡᠭᠡᠳᠦᠶ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠨᠠᠩ ᠪᠦᠲᠦᠮᠵᠢᠲᠡᠶ ᠳᠡᠮᠵᠢᠯᠭᠡ ᠪᠠ ᠵᠢᠯᠣᠭᠤᠳᠣᠯᠭ᠎ᠠ ᠬᠠᠩᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ 10 ᠰᠠᠷ᠎ᠠ ᠶᠢᠨ 31 ᠤ ᠡᠳᠦᠷ ᠠᠴᠠ 11 ᠰᠠᠷ᠎ᠠ ᠶᠢᠨ 1 ᠤ ᠡᠳᠦᠷ ᠪᠣᠯᠲᠠᠯ᠎ᠠ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠰᠤᠷᠪᠤᠯᠵᠢᠯᠠᠨ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠦᠸᠧᠽᠢ ᠰᠢᠶᠠᠨ ᠤ ᠬᠠᠢ ᠭᠤᠤ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠠᠢ ᠵᠧᠨ ᠶᠤᠸᠠᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠸᠠᠨ ᠵᠢᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠵᠦᠸᠧᠽᠢ ᠰᠢᠶᠠᠨ ᠤ ᠼᠠᠩ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠳᠤ ᠬᠦᠷᠴᠦ ᠰᠤᠷᠪᠤᠯᠵᠢᠯᠠᠪᠠ᠃    ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠨᠢᠭᠡᠳᠦᠮᠡᠯ ᠹᠷᠣᠨᠲ ᠤᠨ ᠬᠡᠯᠲᠡᠰ ᠪᠣᠯᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠷᠢᠮᠠᠯ ᠤᠨ ᠰᠠᠭᠤᠷᠢᠨ ᠭᠠᠵᠠᠷ᠂ ᠲᠡᠵᠢᠭᠡᠨ ᠦᠷᠡᠵᠢᠭᠦᠯᠬᠦ ᠲᠠᠯᠠᠪᠠᠢ᠂ ᠦᠢᠯᠡᠳᠪᠦᠷᠢᠯᠡᠯ ᠤᠨ ᠲᠠᠰᠤᠭ᠂ ᠬᠥᠮᠥᠷᠭᠡ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠡᠪᠴᠢᠶ᠎ᠡ᠂ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠳᠣᠲᠣᠭᠠᠳᠤ ᠶᠢᠨ ᠬᠠᠮᠢᠶᠠᠷᠤᠯᠲᠠ ᠂ ᠠᠵᠢᠯ ᠣᠯᠭᠤᠯᠲᠠ᠂ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠬᠠᠪᠰᠤᠷᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠪᠣᠯᠤᠨ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠵᠠᠳᠠᠯᠤᠨ ᠮᠠᠭᠠᠳᠯᠠᠵᠤ᠂ ᠠᠵᠤ ᠠᠬᠤᠶᠢᠯᠠᠯ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠦᠷᠭᠦᠯᠵᠢᠯᠡᠨ ᠪᠠᠲᠤᠳᠬᠠᠵᠤ᠂ ᠰᠠᠭᠤᠷᠢ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠪᠤᠷᠢᠵᠢᠭᠤᠯᠵᠤ᠂ ᠡᠯ᠎ᠡ ᠵᠦᠢᠯ ᠤᠨ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠠᠰᠢᠭᠯᠠᠵᠤ᠂ ᠲᠠᠰᠤᠷᠠᠯᠲᠠ ᠦᠭᠡᠢ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠵᠣᠷᠢᠭᠵᠢᠭᠤᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠰᠡᠳᠬᠢᠯ ᠤᠨ ᠦᠭᠡ ᠶᠢ ᠭᠦᠢᠴᠡᠳ ᠰᠣᠨᠣᠰᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠢ ᠲᠥᠪᠯᠡᠷᠡᠭᠦᠯᠦᠨ ᠠᠩᠬᠠᠷᠬᠤ ᠶᠢᠨ ᠬᠠᠮᠲᠤ ᠡᠳᠡᠭᠡᠷ ᠠᠰᠠᠭᠤᠳᠠᠯ ᠳᠤ ᠴᠢᠭᠯᠡᠭᠦᠯᠦᠨ᠂ ᠵᠣᠬᠢᠴᠠᠩᠭᠤᠶ ᠪᠦᠲᠦᠭᠡᠯᠴᠢ ᠴᠢᠨᠠᠷᠲᠠᠶ ᠰᠠᠨᠠᠯ ᠪᠠ ᠰᠠᠨᠠᠭᠤᠯᠭ᠎ᠠ ᠳᠤᠷᠠᠳᠴᠤ᠂ ᠪᠠᠰᠠ ᠵᠠᠬ᠎ᠠ ᠳᠡᠯᠭᠡᠭᠦᠷ ᠤᠨ ᠢᠷᠡᠭᠡᠳᠦᠶ ᠶᠢᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃    ᠳᠠᠷᠠᠭᠠᠴᠢ ᠶᠢᠨ ᠠᠯᠬᠤᠮ ᠳᠤ᠂ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠦᠷᠭᠦᠯᠵᠢᠯᠡᠨ ᠦᠨᠡᠨ ᠰᠡᠳᠬᠢᠯ ᠠᠴᠠ ᠪᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︽ᠦᠢᠯᠡᠴᠢᠯᠡᠭᠴᠢ︾ ᠪᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠲᠠᠰᠤᠷᠠᠯᠳᠠ ᠦᠭᠡᠢ ᠬᠦᠳᠦᠯᠦᠨ ᠵᠢᠯᠣᠭᠤᠳᠴᠤ ᠲᠠᠷᠢᠶᠠᠯᠠᠩ ᠮᠠᠯ ᠠᠵᠤ ᠠᠬᠤᠢ ᠶᠢᠨ ᠪᠦᠬᠦ ᠬᠡᠯᠬᠢᠶ᠎ᠡ ᠶᠢᠨ ᠰᠠᠶᠢᠨ ᠣᠷᠴᠢᠯ ᠬᠥᠭᠵᠢᠯᠲᠡ ᠶᠢᠨ ᠲᠣᠭᠲᠠᠴᠠ ᠶᠢ ᠬᠠᠶᠢᠨ ᠰᠦᠪᠡᠭᠴᠢᠯᠡᠵᠦ᠂ ᠡᠯ᠎ᠡ ᠲᠦᠷᠦᠯ ᠤᠨ ᠠᠵᠤ ᠠᠬᠤᠶᠢᠯᠠᠯ ᠢ ᠬᠠᠪᠰᠤᠷᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠳᠡᠮᠵᠢᠬᠦ ᠪᠠ ᠦᠢᠯᠡᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠤᠭᠤᠷᠣᠨᠳᠣᠬᠢ ᠰᠣᠯᠢᠯᠴᠠᠭ᠎ᠠ ᠪᠣᠯᠤᠨ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠢ ᠬᠠᠮᠲᠤᠪᠠᠷ ᠠᠷᠭᠠᠴᠠᠭᠠᠨ᠎ᠠ᠃ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠪᠠ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠱᠠᠭᠠᠷᠳᠠᠯᠭ᠎ᠠ ᠪᠠ ᠬᠦᠰᠡᠯ ᠱᠠᠭᠠᠷᠳᠠᠯᠭ᠎ᠠ ᠶᠢ ᠢᠳᠡᠪᠬᠢᠲᠡᠶ ᠪᠠᠷ ᠬᠠᠷᠢᠭᠤ ᠲᠤᠰᠬᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠨᠠᠩ ᠰᠠᠶᠢᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃                    ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2