2024 ᠣᠨ ᠳᠤ᠂ ᠬᠦᠢᠲᠡᠨᠰᠢᠯᠢ ᠲᠠᠯ᠎ᠠ ᠨᠤᠲᠤᠭ᠂ ᠨᠠᠭᠤᠷ ᠬᠤᠷᠠᠨ ᠴᠤᠭᠯᠠᠷᠠᠭᠰᠠᠨ ᠭᠠᠵᠠᠷ ᠤᠨ ᠵᠦᠸᠧᠽᠢ | ᠰᠢᠶᠠᠨ ᠤ ︽ᠶᠡᠷᠡᠨ ᠶᠢᠰᠦᠨ ᠪᠤᠯᠠᠭ︾ ᠤᠨ ᠭᠠᠶᠢᠬᠠᠮᠰᠢᠭ ᠢ ᠢᠯᠡᠷᠡᠭᠦᠯᠪᠡ᠃ 10 ᠭᠠᠷᠤᠢ ᠵᠢᠯ ᠬᠠᠲᠠᠨ ᠨᠠᠭᠤᠷ ᠢ | ᠰᠢᠷᠭᠢᠲᠡᠯ᠎ᠡ ᠰᠢᠷᠭᠢᠵᠦ᠂ ᠨᠣᠮᠢᠨ ᠳᠣᠯᠭᠢᠶᠠᠨ ᠳᠣᠯᠭᠢᠶᠠᠯᠠᠨ᠂ ᠡᠪᠡᠰᠦ ᠤᠷᠭᠤᠬᠤ ︽ᠵᠢᠩ ᠪᠦᠸᠧ ᠨᠠᠭᠤᠷ︾ ᠤᠨ | ᠭᠤᠶᠣ ᠦᠵᠡᠮᠵᠢ ᠶᠢ ᠰᠡᠷᠭᠦᠭᠡᠪᠡ᠃ | ᠲᠡᠮᠳᠡᠭᠯᠡᠯ ᠢ ᠦᠨᠳᠦᠰᠦᠯᠡᠪᠡᠯ᠂ ︽ᠶᠡᠷᠡ ᠶᠢᠰᠦᠨ ᠪᠤᠯᠠᠭ︾ ᠳᠠᠬᠢ ︽ᠪᠤᠯᠠᠭ︾ ᠪᠣᠯ ᠳᠥᠷᠪᠡᠳᠡᠭᠴᠢ | ᠭᠠᠯᠪᠠ ᠶᠢᠨ ᠭᠠᠯᠲᠤ ᠠᠭᠤᠯᠠ - ᠮᠠᠷᠡᠯ ᠮᠠᠶ᠋ᠢᠭ ᠤᠨ ᠭᠠᠯᠲᠤ ᠠᠭᠤᠯᠠ ᠶᠢᠨ ᠡᠷᠲᠡᠨ ᠤ ᠪᠠᠭᠤᠷᠢ ᠪᠠᠶᠢᠵᠤ᠂ ᠳᠡᠯᠡᠬᠡᠶ | ᠳᠡᠭᠡᠷ᠎ᠡ ᠬᠤᠪᠣᠷ ᠲᠣᠬᠢᠶᠠᠯᠳᠤᠳᠠᠭ᠂ ᠬᠠᠳᠠᠭᠠᠯᠠᠭᠳᠠᠵᠤ ᠪᠠᠶᠢᠭ᠎ᠠ ᠬᠠᠮᠤᠭ ᠰᠠᠶᠢᠨ᠂ ᠨᠢᠭᠲᠠᠷᠠᠭᠰᠠᠨ ᠬᠡᠮᠵᠢᠶ᠎ᠡ ᠪᠠᠷ | ᠬᠠᠮᠤᠭ ᠤᠨ ᠥᠨᠳᠥᠷ ᠮᠠᠺᠰ ᠮᠠᠶ᠋ᠢᠭ ᠤᠨ ᠭᠠᠯᠲᠤ ᠠᠭᠤᠯᠠ ᠶᠢᠨ ᠠᠮᠠ ᠪᠣᠯᠤᠨ᠎ᠠ᠃ ᠭᠠᠯᠲᠤ ᠠᠭᠤᠯᠠ ᠶᠢᠨ | ᠠᠮᠠᠨ ᠠᠴᠠ ᠪᠦᠷᠢᠯᠳᠦᠭᠰᠡᠨ ᠪᠤᠯᠠᠭ ᠤᠨ ᠨᠠᠭᠤᠷ ᠤᠨ ᠬᠡᠯᠪᠡᠷᠢᠲᠡᠢ ᠲᠥᠭᠦᠷᠢᠭ᠂ ᠣᠳᠣᠨ ᠮᠡᠴᠢᠳ ᠰᠢᠭ ᠬᠠᠷᠠᠭᠳᠠᠳᠠᠭ | ᠃ ᠥᠨᠳᠥᠷ ᠣᠭᠳᠠᠷᠭᠤᠢ ᠠᠴᠠ ᠳᠡᠭᠡᠭᠰᠢ ᠬᠠᠷᠠᠪᠠᠯ᠂ ᠨᠠᠭᠤᠷ ᠨᠠᠭᠤᠷ ᠢ ᠨᠢᠭᠡ ᠲᠠᠪᠠᠭ ᠲᠣᠯᠢ ᠰᠢᠭ ᠭᠢᠯᠠᠯᠵᠠᠭᠤᠯᠤᠨ᠎ᠠ | ᠃ ᠨᠠᠭᠤᠷ ᠪᠦᠷᠢ ᠨᠢ ᠴᠥᠮ ᠲᠤᠰᠠᠭᠠᠷ ᠨᠠᠭᠤᠷ ᠴᠥᠭᠦᠷᠥᠮ ᠪᠠᠶᠢᠵᠤ᠂ ᠤᠰᠤ ᠨᠥᠬᠦᠪᠥᠷᠢᠯᠡᠬᠦ ᠤᠰᠤ ᠥᠬᠡᠶ ᠭᠤᠤᠯ | ᠮᠥᠷᠡᠨ ᠣᠷᠣᠵᠤ ᠢᠷᠡᠨ᠂ ᠬᠤᠭᠤᠷᠣᠨᠳᠣ ᠪᠠᠨ ᠴᠦ ᠨᠡᠪᠲᠡᠷᠡᠬᠦ ᠥᠬᠡᠶ ᠪᠠᠶᠢᠵᠤ᠂ ᠰᠢᠷᠬᠢᠰᠢ ᠥᠬᠡᠶ ᠤᠰᠤᠨ ᠤ ᠡᠬᠢ | ᠰᠤᠷᠪᠤᠯᠵᠢ ᠶᠢᠨ ᠲᠠᠯ᠎ᠠ ᠪᠠᠷ ᠨᠠᠭᠤᠷ ᠤᠨ ᠳᠤᠮᠳᠠᠭᠤᠷ ᠪᠤᠯᠠᠭ ᠠᠴᠠ ᠢᠷᠡᠪᠡ᠂ ᠨᠥᠭᠦᠭᠡ ᠲᠠᠯ᠎ᠠ ᠪᠠᠷ ᠶᠡᠭᠡ ᠲᠠᠯ᠎ᠠ | ᠨᠤᠲᠤᠭ ᠤᠨ ᠬᠤᠷ᠎ᠠ ᠲᠤᠨᠳᠠᠰᠤ ᠲᠠᠰᠤᠷᠠᠯᠲᠠ ᠥᠬᠡᠶ ᠬᠤᠷᠠᠨ ᠴᠤᠭᠯᠠᠷᠠᠭᠰᠠᠨ ᠪᠠᠶᠢᠨ᠎ᠠ᠃ | ᠵᠦᠸᠧᠽᠢ ᠰᠢᠶᠠᠨ ᠤ ︽ᠶᠡᠷᠡ ᠶᠢᠰᠦᠨ ᠪᠤᠯᠠᠭ︾ ᠤᠨ ᠪᠠᠶᠢᠭᠠᠯᠢ ᠶᠢᠨ ᠦᠵᠡᠮᠵᠢ ᠪᠠᠷᠤᠭ 40 ᠲᠡᠭᠰᠢ | ᠳᠥᠷᠪᠡᠯᠵᠢᠨ ᠺᠢᠯᠣᠮᠧᠳ᠋ᠷ ᠲᠠᠯᠠᠪᠠᠢ ᠲᠠᠢ᠂ ᠳᠠᠯᠠᠢ ᠶᠢᠨ ᠲᠦᠪᠰᠢᠨ ᠠᠴᠠ 2000 ᠮᠧᠳ᠋ᠷ ᠡᠷᠭᠦᠭᠳᠡᠵᠦ᠂ ᠬᠤᠯᠠ | ᠣᠶᠢᠷ᠎ᠠ ᠳᠠᠭᠠᠨ ᠠᠯᠳᠠᠷᠰᠢᠭᠰᠠᠨ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠵᠤᠰᠠᠯᠠᠩ ᠪᠣᠯᠤᠨ᠎ᠠ᠃ ᠭᠡᠲᠡᠯ᠎ᠡ | ᠡᠨᠡ ᠬᠦ ᠡᠯᠪᠡᠭ ᠬᠤᠷᠢᠶᠠᠯᠲᠠ ᠣᠯᠬᠤ ᠦᠭᠡᠢ ᠪᠠᠢᠭᠠᠯᠢ ᠶᠢᠨ ᠦᠵᠡᠮᠵᠢ ᠨᠢ 20 ᠳ᠋ᠤᠭᠠᠷ ᠵᠠᠭᠤᠨ ᠤ ᠳᠤᠮᠳᠠᠴᠢ | ᠰᠡᠭᠦᠯᠴᠢ ᠶᠢᠨ ᠬᠤᠭᠤᠴᠠᠭᠠᠨ ᠳᠤ ᠭᠠᠩ ᠬᠠᠭᠰᠠᠷᠠᠭ ᠠᠨ᠂ ᠭᠠᠵᠠᠷ ᠳᠣᠣᠷᠠᠬᠢ ᠤᠰᠤ ᠪᠠᠭᠤᠷᠠᠭᠰᠠᠨ ᠵᠡᠷᠭᠡ | ᠱᠢᠯᠲᠠᠭᠠᠨ ᠠᠴᠠ ᠪᠣᠯᠵᠤ ᠵᠠᠯᠭ᠎ᠠ ᠵᠠᠯᠭ᠎ᠠ ᠪᠠᠷ ᠱᠢᠷᠭ ᠢᠵᠦ᠂ ᠬᠠᠮᠤᠭ ᠰᠡᠭᠦᠯ ᠳᠤ ᠤᠰᠤ ᠬᠠᠳᠠᠭᠠᠯᠠᠭᠰᠠᠨ | ᠬᠡᠮᠵᠢᠶ᠎ᠡ ᠨᠢ ᠬᠠᠮᠤᠭ ᠶᠡᠭᠡ ᠴᠢᠯᠠᠭᠤᠨ ᠨᠠᠭᠤᠷ᠂ ᠬᠤᠨ ᠭᠠᠯᠠᠭ ᠤ ᠶᠢᠨ ᠨᠠᠭᠤᠷ᠂ ᠮᠣᠷᠢᠨ ᠤ ᠰᠡᠭᠦᠯᠲᠦ ᠨᠠᠭᠤᠷ ᠴᠤ᠋ | ᠬᠠᠲᠠᠭ ᠳᠠᠨ ︽ᠲᠣᠭᠤᠭᠠᠨ ᠤ ᠢᠷᠣᠭᠠᠷ ᠤᠨ ᠨᠦᠬᠡ︾ ᠪᠣᠯᠪᠠ᠃ | ᠣᠳᠣᠬᠠᠨ ᠳᠤ᠂ ︽ᠶᠡᠷᠡ ᠶᠢᠰᠦᠨ ᠪᠤᠯᠠᠭ︾ ᠳᠠᠬᠢᠨ ᠰᠢᠨ᠎ᠡ ᠳᠦᠷᠰᠦ ᠪᠠᠶᠢᠳᠠᠯ ᠢᠶᠠᠨ ᠳᠡᠯᠭᠡᠨ ᠦᠵᠡᠭᠦᠯᠵᠦ | ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠵᠦᠸᠧᠽᠢ ᠰᠢᠶᠠᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ︽ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ | ᠬᠥᠭᠵᠢᠯᠲᠡ ᠶᠢ ᠲᠤᠯᠭᠠᠭᠤᠷᠢᠯᠠᠵᠤ᠂ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ | ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ︾ ᠡᠭᠦᠷᠭᠡ ᠬᠠᠷᠢᠭᠤᠴᠠᠯᠭ᠎ᠠ ᠪᠣᠯᠣᠨ ᠡᠭᠦᠷᠭᠡᠯᠡᠯ ᠢ ᠭᠦᠨᠵᠡᠭᠡᠢ | ᠦᠢᠯᠡᠳᠦᠯᠭᠡᠵᠢᠭᠦᠯᠵᠦ᠂ ︽ᠶᠡᠷᠡ ᠶᠢᠰᠦᠨ ᠪᠤᠯᠠᠭ ᠤᠨ ᠣᠷᠴᠢᠨ ᠲᠣᠭᠤᠷᠢᠨ ᠳᠤ ᠲᠦᠢᠯᠪᠤᠷᠢᠲᠠᠢ ᠵᠠᠰᠠᠯᠲᠠ ᠬᠢᠵᠡᠢ᠃ | ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠠᠢ ᠬᠠᠮᠲᠤᠷᠠᠨ᠂ | ᠨᠤᠲᠤᠭ ᠪᠡᠯᠴᠢᠭᠡᠷ ᠤᠨ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠬᠠᠰᠤᠵᠤ᠂ ᠲᠡᠷᠭᠡ ᠪᠠᠨ ᠳᠤᠷ᠎ᠠ ᠪᠠᠷ ᠢᠶᠠᠨ | ᠣᠷᠣᠭᠤᠯᠵᠤ ᠭᠠᠷᠭᠠᠬᠤ᠂ ᠲᠠᠯ᠎ᠠ ᠨᠤᠲᠤᠭ ᠢ ᠳᠤᠷ᠎ᠠ ᠪᠠᠷ ᠢᠶᠠᠨ ᠳᠠᠷᠤᠰᠢᠭᠤᠯᠤᠭᠰᠠᠨ ᠵᠠᠮ ᠢ 10 ᠭᠠᠷᠤᠢ ᠵᠢᠯ | ᠳᠠᠷᠠᠭᠠᠯᠠᠨ ᠨᠡᠪᠲᠡᠷᠡᠭᠦᠯᠵᠦ᠂ ᠨᠤᠲᠤᠭ ᠪᠡᠯᠴᠢᠭᠡᠷ ᠢ ᠬᠠᠮᠠᠭᠠᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠤᠬᠠᠭᠤᠯᠭ᠎ᠠ | ᠬᠥᠮᠦᠵᠢᠯ ᠢ ᠴᠥᠬᠦᠷᠡᠰᠢ ᠦᠭᠡᠢ ᠥᠷᠨᠢᠭᠦᠯᠵᠦ᠂ ᠰᠡᠯᠭᠦᠨ ᠮᠠᠯᠵᠢᠵᠤ ᠰᠡᠯᠭᠦᠨ ᠮᠠᠯᠵᠢᠬᠤ ᠵᠡᠷᠭᠡ ᠨᠤᠲᠤᠭ ᠪᠡᠯᠴᠢᠭᠡᠷ ᠢ | ᠬᠠᠮᠠᠭᠠᠯᠠᠵᠤ ᠵᠠᠯᠬᠠᠭᠠᠨ ᠴᠡᠭᠡᠷᠯᠡᠭᠦᠯᠬᠦ ᠪᠠ ᠬᠠᠷᠢᠭᠤᠴᠠᠯᠭᠠᠲᠤ ᠣᠷᠣᠨ ᠢ ᠲᠣᠭᠤᠷᠢᠨ ᠪᠠᠶᠢᠴᠠᠭᠠᠬᠤ ᠵᠡᠷᠭᠡ ᠳᠦᠷᠢᠮ ᠢ | ᠪᠠᠶᠢᠭᠤᠯᠵᠤ᠂ ᠥᠩᠭᠡᠷᠡᠭᠰᠡᠨ ᠤ ᠰᠠᠯᠬᠢ ᠰᠢᠭᠤᠷᠭ᠎ᠠ ᠳᠠᠪᠠᠯᠭᠠᠯᠠᠭᠰᠠᠨ ᠨᠤᠲᠤᠭ ᠪᠡᠯᠴᠢᠭᠡᠷ ᠢ ᠤᠰᠤ ᠪᠡᠯᠴᠢᠭᠡᠷ ᠲᠤ | ᠵᠠᠯᠭᠠᠭ᠎ᠠ ᠪᠠᠷ ᠣᠷᠣᠭᠤᠯᠵᠠᠢ᠃ | ᠬᠠᠳᠤᠯᠠᠩ ᠪᠡᠯᠴᠢᠭᠡᠷ ᠢ ᠪᠦᠲᠦᠮᠵᠢᠲᠡᠶ ᠵᠠᠰᠠᠬᠤ ᠨᠢ ᠪᠣᠷᠣᠭᠠᠨ ᠣᠷᠣᠬᠤ ᠬᠡᠮᠵᠢᠶ᠎ᠡ ᠶᠢ ᠨᠡᠮᠡᠭᠳᠡᠭᠦᠯᠵᠦ᠂ ︽ᠶᠡᠷᠡ | ᠶᠢᠰᠦᠨ ᠪᠤᠯᠠᠭ︾ ᠤᠨ ᠨᠠᠭᠤᠷ ᠪᠦᠷᠢ ᠶᠢᠨ ᠨᠠᠭᠤᠷ ᠨᠢᠭᠡᠪᠦᠷᠢ ᠨᠢ ᠯᠡᠪᠡᠷᠡᠨ ᠭᠤᠭᠤᠵᠢᠵᠤ ᠪᠠᠶᠢᠭ᠎ᠠ ᠮᠡᠲᠦ ᠬᠤᠪᠣᠷ | ᠨᠠᠨᠳᠢᠨ ᠪᠣᠷᠣᠭᠠᠨ ᠤ ᠤᠰᠤ ᠶᠢ ᠬᠦᠯᠢᠶᠡᠨ ᠠᠪᠴᠤ᠂ ᠬᠠᠲᠠᠨ ᠠᠪᠴᠢᠬᠤ ᠨᠠᠭᠤᠷ ᠤᠨ ᠨᠦᠬᠡ ᠨᠢ ᠠᠭᠠᠵᠢᠮ ᠢᠶᠠᠷ ︽ | ᠵᠢᠩ ᠪᠦᠸᠧ ᠬᠤ᠋ ᠨᠠᠭᠤᠷ︾ ᠤᠨ ᠳᠦᠷᠰᠦ ᠪᠠᠶᠢᠳᠠᠯ ᠲᠠᠢ ᠪᠣᠯᠪᠠ᠃ ︽ᠵᠢᠩ ᠪᠥᠸᠧ ᠨᠠᠭᠤᠷ︾ ᠨᠢ ᠲᠠᠯ᠎ᠠ | ᠨᠤᠲᠤᠭ ᠤᠨ ︽ᠨᠤᠭᠤ ᠭᠠᠵᠠᠷ ᠤᠨ ᠦᠢᠯᠡᠳᠦᠯ︾ ᠢ ᠪᠣᠶ ᠪᠣᠯᠭᠠᠵᠤ᠂ ᠡᠪᠡᠰᠦ ᠮᠣᠳᠣ ᠥᠷᠨᠢᠨ ᠬᠥᠭᠵᠢᠵᠦ᠂ | ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠵᠢᠯ ᠳᠠᠷᠠᠭᠠᠯᠠᠨ ᠨᠡᠮᠡᠭᠳᠡᠵᠦ᠂ 2024 ᠣᠨ ᠳᠤ 90% ᠠᠴᠠ | ᠳᠡᠭᠡᠭᠰᠢ ᠳᠤ ᠬᠦᠷᠴᠡᠢ᠃ | ᠠᠮᠢ ᠠᠬᠤᠢ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠨᠢ ︽ᠶᠡᠷᠡ ᠶᠢᠰᠦᠨ ᠪᠤᠯᠠᠭ︾ ᠢ ᠲᠠᠯ᠎ᠠ ᠨᠤᠲᠤᠭ | ᠳᠡᠭᠡᠷᠡᠬᠢ ᠬᠠᠮᠤᠭ ᠤᠨ ᠭᠤᠶᠤ ᠴᠢᠮᠡᠭ ᠪᠣᠯᠭᠠᠨ᠎ᠠ᠃ ᠡᠳᠦᠷ ᠪᠦᠷᠢ ᠶᠢᠨ ᠨᠠᠷᠠ ᠮᠠᠨᠳᠤᠬᠤ ᠦᠶ᠎ᠡ ᠳᠤ᠂ ︽ᠶᠡᠷᠡ | ᠶᠢᠰᠦᠨ ᠪᠤᠯᠠᠭ︾ ᠨᠢᠳᠦ ᠭᠢᠯᠠᠰᠤᠮ᠎ᠠ ᠠᠯᠲᠠᠨ ᠲᠤᠶᠠᠭ᠎ᠠ ᠭᠢᠯᠠᠯᠵᠠᠵᠤ᠂ ᠲᠠᠯ᠎ᠠ ᠨᠤᠲᠤᠭ ᠤᠨ ᠬᠡᠭᠡᠷ᠎ᠡ ᠶᠢᠨ ᠵᠡᠭᠡᠷ᠎ᠡ᠂ | ᠬᠡᠭᠡᠷ᠎ᠡ ᠶᠢᠨ ᠲᠠᠤᠯᠠᠢ᠂ ᠦᠨᠡᠭᠡ᠂ ᠬᠠᠷᠴᠠᠭᠠᠢ᠂ ᠬᠡᠷᠡᠮᠤ ᠨᠠᠷ ᠢᠷᠡᠵᠦ ᠤᠰᠤ ᠤᠮᠳᠠ ᠪᠠᠷ ᠢᠶᠠᠨ ᠨᠠᠭᠠᠳᠤᠨ᠎ᠠ᠃ ᠨᠠᠷᠠ | ᠤᠨᠠᠭᠰᠠᠨ ᠦᠶ᠎ᠡ ᠳᠤ᠂ ᠦᠳᠡᠱᠢ ᠶᠢᠨ ᠲᠤᠶᠠᠭᠠᠨ ᠳᠤ ᠲᠦᠷᠬᠢᠭᠰᠡᠨ ︽ᠶᠡᠷᠡ ᠶᠢᠰᠦᠨ ᠪᠤᠯᠠᠭ︾ ᠨᠢ ᠨᠣᠭᠤᠭᠠᠨ | ᠲᠠᠯ᠎ᠠ ᠨᠤᠲᠤᠭ ᠲᠠᠢ ᠥᠩᠭᠡ ᠢᠯᠭᠠᠷ ᠠᠮᠠ᠂ ᠰᠠᠢᠬᠠᠨ ᠬᠠᠷᠠᠭᠳᠠᠨ᠎ᠠ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |