ᠵᠦᠸᠧᠽᠢ ᠰᠢᠶᠠᠨ ᠤ ᠯᠢ ᠬᠤᠸᠠ ᠪᠠᠯᠭᠠᠰᠤ᠄ ᠬᠦᠯᠡᠮᠵᠢ ᠶᠢᠨ ᠬᠦᠯᠡᠮᠵᠢ ᠶᠢᠨ ᠨᠣᠭᠤᠭᠠᠨ ᠥᠩᠭᠡ ᠪᠠᠷ ᠲᠠᠷᠢᠶᠠᠴᠢᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠪᠡ ︽ᠵᠣᠭᠤᠰ ᠤᠨ ᠦᠵᠡᠮᠵᠢ︾ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2024/12/24
    ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠯᠢ ᠬᠤᠸᠠ ᠪᠠᠯᠭᠠᠰᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠠᠰᠢᠭᠲᠠᠢ ᠴᠠᠭ ᠲᠣᠬᠢᠶᠠᠯ ᠢ ᠴᠢᠩᠭ᠎ᠠ ᠠᠳᠬᠤᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠨᠡᠶᠢᠳᠬᠡᠬᠦ᠂ ᠣᠳᠣᠬᠢᠴᠢᠯᠠᠭᠰᠠᠨ ᠲᠠᠷᠢᠮᠠᠯ ᠤᠨ ᠮᠡᠷᠭᠡᠵᠢᠯ ᠪᠣᠯᠤᠨ ᠬᠠᠮᠢᠶᠠᠷᠤᠯᠲᠠ ᠶᠢᠨ ᠲᠤᠷᠰᠢᠯᠭ᠎ᠠ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠵᠤ᠂ ︽ᠬᠤᠷᠰᠢᠶ᠎ᠠ ᠲᠣᠰᠬᠤᠨ ᠤ ᠬᠠᠮᠲᠤ ᠶᠢᠨ ᠠᠵᠤ ᠠᠬᠤᠢ︾ ᠶᠢᠨ ᠬᠥᠭᠵᠢᠯᠲᠡ ᠶᠢᠨ ᠵᠠᠭᠪᠤᠷ ᠢ ᠬᠡᠷᠡᠭᠵᠢᠭᠦᠯᠵᠦ᠂ ᠨᠡᠷᠡᠨ ᠭᠡᠷᠡᠯ ᠤᠨ ᠬᠦᠯᠡᠮᠵᠢ ᠶᠢᠨ ᠬᠦᠯᠡᠮᠵᠢ ᠶᠢᠨ ᠣᠷᠭᠠᠨᠢᠭ ᠢᠳᠡᠰᠢᠨ ᠨᠣᠭᠤᠭ᠎ᠠ ᠲᠠᠷᠢᠬᠤ ᠶᠢ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠠᠬᠢᠭᠤᠯᠪᠠ᠃    ᠡᠪᠦᠯ ᠤᠨ ᠡᠳᠦᠷ᠂ ᠯᠢ ᠬᠤᠸᠠ ᠪᠠᠯᠭᠠᠰᠤᠨ ᠤ ᠲᠤ ᠴᠧᠩ ᠽᠢ ᠲᠣᠰᠬᠤᠨ ᠳᠤ᠂ ᠲᠠᠪᠤᠨ ᠰᠠᠭᠤᠷᠢ ᠨᠡᠷᠡᠨ ᠤ ᠭᠡᠷᠡᠯ ᠤᠨ ᠬᠦᠯᠡᠮᠵᠢ ᠶᠢᠨ ᠬᠦᠯᠡᠮᠵᠢ ᠲᠠᠭᠠᠯᠳᠤᠨ ᠵᠢᠭᠰᠠᠭᠠᠭᠳᠠᠵᠤ᠂ ᠬᠦᠯᠡᠮᠵᠢ ᠳᠤ ᠨᠣᠭᠤᠭᠠᠨ ᠥᠩᠭᠡ ᠪᠠᠷ ᠪᠢᠯᠬᠠᠵᠤ ᠂ ᠫᠷᠤᠸᠠᠨᠰ ᠲᠥᠪᠡᠳ ᠬᠠᠰᠢ᠂ ᠵᠡᠭᠦᠨ ᠬᠤᠶᠢᠲᠤ ᠶᠢᠨ ᠰᠢᠶᠠᠩ ᠴᠢᠨ ᠵᠡᠷᠭᠡ ᠣᠷᠭᠠᠨᠢᠭ ᠢᠳᠡᠰᠢᠨ ᠨᠣᠭᠤᠭ᠎ᠠ ᠶᠢᠨ ᠤᠷᠭᠤᠴᠠ ᠨᠢ ᠬᠥᠮᠦᠨ ᠢ ᠪᠠᠶᠠᠰᠬᠠᠨ᠎ᠠ᠃    ᠣᠶᠢᠯᠠᠭᠠᠭᠰᠠᠨ ᠢᠶᠠᠷ᠂ ᠲᠠᠷᠢᠬᠤ ᠶᠠᠪᠤᠴᠠ ᠳᠤ᠂ ᠲᠠᠷᠢᠮᠠᠯ ᠤᠨ ᠡᠷᠦᠬᠡ ᠣᠷᠭᠠᠨᠢᠭ ᠲᠠᠷᠢᠶᠠᠯᠠᠩ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ᠂ ᠬᠢᠮᠢ ᠶᠢᠨ ᠨᠡᠶᠢᠯᠡᠮᠡᠯ ᠲᠠᠷᠢᠶᠠᠨ ᠡᠮ᠂ ᠬᠢᠮᠢ ᠶᠢᠨ ᠪᠣᠷᠲᠣᠭᠤᠷ ᠢ ᠬᠡᠷᠡᠭᠯᠡᠬᠦ ᠦᠭᠡᠢ ᠪᠣᠯ ᠬᠠᠷᠢᠨ ᠪᠠᠶᠢᠭᠠᠯᠢ ᠶᠢᠨ ᠪᠣᠷᠲᠣᠭᠤᠷ ᠢ ᠬᠡᠷᠡᠭᠯᠡᠵᠦ᠂ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠪᠠ ᠰᠢᠨᠵᠢᠯᠡᠬᠦ ᠤᠬᠠᠭᠠᠨᠴᠢ ᠲᠠᠷᠢᠬᠤ ᠮᠡᠷᠭᠡᠵᠢᠯ ᠢ ᠣᠷᠣᠭᠤᠯᠤᠨ ᠠᠪᠴᠢᠷᠠᠵᠤ᠂ ᠢᠳᠡᠰᠢᠨ ᠨᠣᠭᠤᠭ᠎ᠠ ᠶᠢᠨ ᠶᠠᠰᠤ ᠴᠢᠨᠠᠷ ᠢ ᠪᠠᠲᠤᠯᠠᠭᠰᠠᠨ ᠪᠠᠶᠢᠨ᠎ᠠ᠃ ᠡᠲᠡᠭᠡᠷ ᠣᠷᠭᠠᠨᠢᠭ ᠢᠳᠡᠰᠢᠨ ᠨᠣᠭᠤᠭ᠎ᠠ ᠨᠢ ᠠᠮᠲᠠ ᠨᠢ ᠭᠤᠶᠣ ᠰᠠᠶᠢᠬᠠᠨ᠂ ᠰᠢᠮ᠎ᠡ ᠲᠡᠵᠢᠭᠡᠯ ᠨᠢ ᠡᠯᠪᠡᠭ ᠪᠠᠶᠠᠯᠢᠭ ᠪᠠᠶᠢᠬᠤ ᠪᠠᠷ ᠪᠠᠷᠠᠬᠤ ᠥᠬᠡᠶ᠂ ᠨᠠᠩ ᠴᠤ ᠲᠡᠭᠦᠨ ᠤ ᠪᠣᠬᠢᠷᠲᠤᠯ ᠥᠬᠡᠶ᠂ ᠡᠷᠡᠭᠦᠯ ᠮᠡᠨᠳᠦ ᠶᠢᠨ ᠣᠨᠴᠠᠯᠢᠭ ᠠᠴᠠ ᠪᠣᠯᠵᠣ᠂ ᠵᠠᠬ᠎ᠠ ᠳᠡᠯᠭᠡᠭᠦᠷ ᠤᠨ ᠲᠠᠭᠠᠰᠢᠶᠠᠯ ᠢ ᠣᠯᠤᠭᠰᠠᠨ ᠪᠠᠶᠢᠨ᠎ᠠ᠃    ︽ᠪᠢᠳᠡ ᠠᠳᠡ ᠲᠠᠪᠤᠨ ᠬᠦᠯᠡᠮᠵᠢ ᠶᠢᠨ ᠣᠷᠭᠠᠨᠢᠭ ᠢᠳᠡᠰᠢᠨ ᠨᠣᠭᠤᠭ᠎ᠠ ᠳᠠᠷᠢᠵᠤ᠂ ᠤᠳᠠᠯ ᠦᠭᠡᠢ ᠵᠠᠬ᠎ᠠ ᠳᠡᠯᠭᠡᠭᠦᠷ ᠲᠤ ᠭᠠᠷᠬᠤ ᠭᠡᠵᠦ ᠪᠠᠶᠢᠭ᠎ᠠ ᠵᠡᠭᠦᠨ ᠬᠤᠶᠢᠲᠤ ᠶᠢᠨ ᠰᠢᠶᠠᠩ ᠴᠢᠨ ᠪᠣᠯᠤᠨ᠎ᠠ᠂ ᠨᠢᠭᠡ ᠬᠦᠯᠡᠮᠵᠢ ᠳᠤ ᠪᠠᠷᠤᠭ 2 ᠲᠦᠮᠡᠨ ᠵᠢᠩ ᠦᠢᠯᠡᠳᠪᠦᠷᠢᠯᠡᠵᠦ ᠪᠣᠯᠤᠨ᠎ᠠ᠃ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ᠂ ᠵᠠᠬ᠎ᠠ ᠳᠡᠯᠭᠡᠭᠦᠷ ᠤᠨ ᠦᠨ᠎ᠡ ᠨᠢ ᠵᠢᠩ ᠪᠦᠷᠢ ᠳᠡᠭᠡᠨ 5 ᠲᠥᠭᠦᠷᠢᠭ ᠪᠠᠶᠢᠵᠤ᠂ ᠪᠦᠲᠦᠭᠡᠭᠳᠡᠬᠦᠨ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭ᠎ᠠ᠂ ᠦᠨ᠎ᠡ ᠶᠢ ᠨᠢ ᠪᠠᠰᠠ ᠥᠰᠭᠡᠪᠡᠯ ᠵᠣᠬᠢᠨ᠎ᠠ︾᠃ ᠵᠦᠸᠧᠽᠢ ᠰᠢᠶᠠᠨ ᠤ ᠰᠠᠢ ᠱᠠᠩ ᠠᠮᠤ ᠪᠤᠳᠠᠭᠠᠨ ᠤ ᠬᠥᠮᠥᠷᠭᠡ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠡᠵᠡᠩᠨᠡᠯᠲᠡ ᠬᠠᠮᠢᠶᠠᠷᠤᠯᠲᠠ ᠶᠢᠨ ᠬᠡᠯᠲᠡᠰ ᠤᠨ ᠳᠠᠷᠤᠭ᠎ᠠ ᠼᠦᠢ ᠪᠢᠨ᠂ ︽ᠮᠠᠨ ᠤ ᠣᠷᠭᠠᠨᠢᠭ ᠢᠳᠡᠰᠢᠨ ᠨᠣᠭᠤᠭ᠎ᠠ ᠶᠢ ᠭᠤᠣᠯᠳᠠᠭᠤ ᠪᠡᠭᠡᠵᠢᠩ᠂ ᠬᠥᠬᠡᠬᠤᠲᠠ ᠵᠡᠷᠭᠡ ᠭᠠᠵᠠᠷ ᠤᠨ ᠵᠣᠴᠢᠳ ᠤᠨ ᠪᠠᠭᠤᠳᠠᠯ᠂ ᠬᠡᠳᠦ ᠳᠡᠯᠭᠡᠭᠦᠷ ᠲᠤ ᠪᠣᠷᠣᠯᠠᠭᠤᠯᠵᠤ᠂ ᠬᠡᠷᠡᠭᠯᠡᠭᠴᠢᠳ ᠤᠨ ᠬᠠᠷᠢᠭᠤ ᠲᠤᠰᠬᠠᠯ ᠮᠠᠰᠢ ᠰᠠᠶᠢᠨ ᠪᠠᠶᠢᠨ᠎ᠠ︾ ᠭᠡᠵᠦ ᠬᠡᠯᠡᠪᠡ᠃    ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠭᠠᠨᠢᠭ ᠢᠳᠡᠰᠢᠨ ᠨᠣᠭᠤᠭ᠎ᠠ ᠲᠠᠷᠢᠬᠤ ᠲᠦᠷᠦᠯ ᠵᠦᠢᠯ ᠢ ᠠᠬᠢᠭᠤᠯᠤᠭᠰᠠᠨ ᠨᠢ ᠲᠤᠬᠠᠢ ᠶᠢᠨ ᠭᠠᠵᠠᠷ ᠲᠤ ᠬᠡᠳᠦᠨ ᠠᠷᠪᠠᠨ ᠠᠵᠢᠯ ᠤᠨ ᠪᠠᠶᠢᠷᠢ ᠬᠠᠩᠭᠠᠭᠰᠠᠨ ᠢᠶᠠᠷ ᠪᠠᠷᠠᠬᠤ ᠦᠭᠡᠢ ᠪᠠᠰᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠠ ᠪᠤᠵᠠᠭᠠᠶᠢᠷᠠᠯᠲᠠ ᠶᠢ ᠠᠬᠢᠭᠤᠯᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠠᠵᠤ ᠦᠢᠯᠡᠰ ᠤᠨ ᠬᠥᠭᠵᠢᠯ ᠴᠡᠴᠡᠭᠯᠡᠯ᠂ ᠠᠷᠠᠳ ᠤᠯᠠᠨ ᠤ ᠴᠢᠨᠡᠭᠡᠯᠢᠭᠵᠢᠯ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃                   ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2