ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠄ ᠬᠥᠮᠦᠯᠢᠭ ᠲᠦᠭᠡᠮᠡᠯ ᠬᠠᠶᠢᠷ᠎ᠠ ᠶᠢ ᠡᠷᠭᠦᠨ ᠲᠤᠭ ᠡᠷᠭᠦᠨ ᠵᠡᠮᠳᠡᠭᠴᠦᠳ ᠢ ᠲᠡᠳᠬᠦᠵᠦ ᠵᠡᠮᠳᠡᠭᠴᠦᠳ ᠢ ᠲᠤᠰᠠᠯᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/12/24
    2017 ᠣᠨ ᠳᠤ᠂ ᠵᠦᠸᠧᠽᠢ ᠰᠢᠶᠠᠨ ᠤ ᠯᠢᠦ ᠺᠠᠢ ᠪᠠᠷ ᠲᠦᠷᠦᠭᠦᠯᠡᠭᠦᠯᠦᠭᠰᠡᠨ 10 ᠵᠡᠮᠳᠡᠭᠴᠦᠳ ︽ᠨᠡᠶᠢᠭᠡᠮ ᠳᠤ ᠳᠠᠷᠤᠭᠠᠰᠤ ᠨᠡᠮᠡᠬᠦ ᠦᠭᠡᠢ᠂ ᠵᠡᠮᠳᠡᠭᠴᠦᠳ ᠪᠠᠰᠠ ᠶᠡᠭᠡ ᠦᠢᠯᠡᠰ ᠢ ᠪᠦᠲᠦᠭᠡᠵᠦ ᠴᠢᠳᠠᠬᠤ︾ ᠰᠠᠶᠢᠨ ᠰᠠᠶᠢᠬᠠᠨ ᠬᠦᠰᠡᠯ ᠵᠡᠭᠦᠳᠦ ᠶᠢ ᠡᠪᠦᠷᠯᠡᠵᠦ᠂ ︽ᠹᠸᠢ ᠮᠧᠩ ᠵᠡᠮᠳᠡᠭᠴᠦᠳ ᠤᠨ ᠰᠦᠯᠵᠢᠶᠡᠨ ᠤ ᠬᠢᠵᠠᠭᠠᠷᠲᠤ ᠺᠣᠮᠫᠠᠨᠢ︾ ᠶᠢ ᠳᠠᠩᠰᠠᠯᠠᠵᠤ᠂ ᠥᠪᠡᠷ ᠤᠨ ᠰᠡᠴᠡᠨ ᠰᠡᠷᠭᠦᠯᠡᠩ ᠠᠪᠢᠶᠠᠰ ᠴᠢᠳᠠᠪᠤᠷᠢ ᠳᠠᠭᠠᠨ ᠲᠦᠰᠢᠭᠯᠡᠨ ᠨᠢᠭᠡ ᠵᠦᠢᠯ ᠤᠨ ᠬᠥᠮᠦᠨ ᠤ ᠠᠮᠢᠳᠤᠷᠠᠯ ᠤᠨ ᠰᠠᠷᠠᠭᠤᠯ ᠳᠠᠷᠳᠠᠩ ᠵᠠᠮ ᠢ ᠨᠡᠭᠡᠭᠡᠬᠦ ᠪᠠᠷ ᠲᠥᠯᠥᠪᠯᠡᠵᠦ ᠪᠠᠶᠢᠨ᠎ᠠ᠃    2021 ᠣᠨ ᠳᠤ᠂ ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠰᠠ ᠲᠤᠰ ᠺᠣᠮᠫᠠᠨᠢ ᠶᠢᠨ 10 ᠲᠦᠮᠡᠨ ᠲᠥᠭᠦᠷᠢᠭ ᠤᠨ ᠬᠥᠭᠵᠢᠯᠲᠡ ᠶᠢᠨ ᠪᠡᠯᠡ ᠮᠥᠩᠭᠦ ᠶᠢ ᠰᠢᠢᠳᠪᠦᠷᠢᠯᠡᠵᠦ᠂ ᠺᠣᠮᠫᠠᠨᠢ ᠶᠢᠨ ᠴᠠᠭᠠᠰᠤᠨ ᠬᠠᠶᠢᠷᠴᠠᠭ ᠲᠤ ᠣᠷᠣᠬᠤ ᠶᠢ ᠲᠡᠳᠬᠦᠵᠦ᠂ ᠺᠣᠮᠫᠠᠨᠢ ᠶᠢᠨ ᠠᠵᠤ ᠠᠬᠤᠢ ᠶᠢᠨ ᠪᠠᠶᠢᠳᠠᠯ ᠤᠯᠠᠮ ᠨᠢᠭᠡ ᠠᠯᠬᠤᠮ ᠰᠠᠶᠢᠵᠢᠷᠠᠪᠠ᠃ 2022 ᠣᠨ ᠤ 11 ᠰᠠᠷ᠎ᠠ ᠳᠤ᠂ ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠠᠮ ᠤᠨ ᠡᠭᠦᠷ ᠤᠨ ᠱᠦᠵᠢ᠂ ᠪᠠᠶᠢᠩᠭᠤ ᠶᠢᠨ ᠳᠡᠳ᠋ ᠳᠠᠷᠤᠭ᠎ᠠ ᠸᠠᠩ ᡁᠢ ᠸᠧᠢ ᠹᠸᠢ ᠮᠧᠩ ᠵᠡᠮᠳᠡᠭᠴᠦᠳ ᠤᠨ ᠰᠦᠯᠵᠢᠶᠡᠨ ᠤ ᠬᠢᠵᠠᠭᠠᠷᠲᠤ ᠺᠣᠮᠫᠠᠨᠢ ᠳᠤ ᠬᠦᠷᠴᠦ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠺᠣᠮᠫᠠᠨᠢ ᠶᠢ ᠳᠠᠬᠢᠨᠲᠠ ᠬᠠᠪᠰᠤᠷᠤᠨ ᠪᠠᠭᠲᠠᠭᠠᠮᠵᠢ ᠶᠢ ᠥᠷᠭᠡᠳᠬᠡᠬᠦ ᠪᠡᠯᠡ ᠮᠥᠩᠭᠦ ᠶᠢ ᠬᠤᠶᠠᠷ ᠤᠳᠠᠭ᠎ᠠ 20 ᠲᠦᠮᠡᠨ ᠲᠥᠭᠦᠷᠢᠭ ᠰᠢᠢᠳᠪᠦᠷᠢᠯᠡᠵᠦ᠂ ᠪᠠᠰᠠ ᠪᠦᠬᠦ ᠠᠵᠢᠯᠲᠠᠳ ᠲᠤ ᠣᠨᠴᠠᠭᠠᠢ ᠬᠤᠪᠴᠠᠰᠤ ᠬᠤᠨᠠᠷ ᠬᠠᠩᠭᠠᠵᠠᠢ᠃    ᠨᠢᠭᠡ ᠵᠠᠮ ᠬᠦᠷᠭᠡᠨ᠃ ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠹᠸᠢ ᠮᠧᠩ ᠵᠡᠮᠳᠡᠭᠴᠦᠳ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢ ᠬᠠᠪᠰᠤᠷᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ ᠪᠠᠰᠠ ᠠᠵᠢᠯ ᠲᠥᠷᠥᠯ ᠤᠨ ᠨᠡᠶᠢᠭᠡᠮ ᠲᠠᠢ ᠥᠷᠭᠡᠨ ᠢᠶᠠᠷ ᠬᠠᠷᠢᠯᠴᠠᠬᠤ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠺᠣᠮᠫᠠᠨᠢ ᠶᠢ ᠬᠠᠪᠰᠤᠷᠤᠨ ᠲᠤᠬᠠᠶᠢᠯᠠᠭᠰᠠᠨ ᠠᠵᠢᠯ ᠢ ᠲᠠᠨᠢᠯᠴᠠᠭᠤᠯᠵᠤ᠂ ᠡᠳ᠋ ᠪᠠᠷᠠᠭ᠎ᠠ ᠪᠣᠷᠣᠯᠠᠭᠤᠯᠬᠤ ᠵᠠᠬᠢᠶᠠᠯᠠᠭ᠎ᠠ ᠶᠢᠨ ᠬᠠᠭᠤᠳᠠᠰᠤ ᠶᠢ ᠨᠡᠮᠡᠭᠳᠡᠭᠦᠯᠵᠦ᠂ 2021 ᠣᠨ ᠠᠴᠠ ᠨᠠᠰᠢ᠂ ᠲᠣᠰ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠶᠢ ᠵᠢᠯ ᠪᠦᠷᠢ 30% ᠠᠴᠠ ᠳᠡᠭᠡᠭᠰᠢ ᠨᠡᠮᠡᠭᠳᠡᠭᠦᠯᠪᠡ᠃    ᠬᠥᠮᠦᠯᠢᠭ ᠲᠦᠭᠡᠮᠡᠯ ᠬᠠᠢᠷ᠎ᠠ ᠡᠷᠭᠦᠨ ᠲᠤᠭ ᠡᠷᠭᠦᠵᠦ ᠵᠡᠮᠳᠡᠭᠴᠦᠳ ᠢ ᠲᠡᠳᠭᠦᠵᠦ ᠬᠦᠴᠢᠷᠳᠡᠯ ᠢ ᠲᠤᠰᠠᠯᠠᠬᠤ᠃ ᠵᠦᠸᠧᠽᠢ ᠰᠢᠶᠠᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠤᠳᠠᠭ᠎ᠠ ᠳᠠᠷᠠᠭᠠᠯᠠᠨ ᠬᠠᠪᠰᠤᠷᠤᠯᠭ᠎ᠠ ᠳᠡᠮᠵᠢᠯᠭᠡ ᠦᠵᠡᠭᠦᠯᠬᠦ ᠨᠢ ᠶᠠᠭ ᠬᠦᠴᠦᠷᠬᠡᠭ ᠬᠥᠰᠢᠭᠦᠷᠭᠡ ᠲᠠᠢ ᠠᠳᠠᠯᠢ᠂ ᠮᠧᠩ ᠮᠧᠩ ᠵᠡᠮᠳᠡᠭᠴᠦᠳ ᠤᠨ ᠰᠦᠯᠵᠢᠶᠡᠨ ᠤ ᠬᠢᠵᠠᠭᠠᠷᠲᠤ ᠺᠣᠮᠫᠠᠨᠢ ᠴᠢᠨᠠᠷ ᠰᠠᠶᠢᠲᠠᠢ ᠬᠥᠭᠵᠢᠯᠲᠡ ᠲᠡᠰᠢ ᠬᠥᠭᠵᠢᠪᠡ᠃ 2024 ᠤᠨ ᠪᠣᠯᠬᠤ ᠳᠤ᠂ ᠲᠣᠰ ᠺᠣᠮᠫᠠᠨᠢ ᠨᠢᠭᠡᠨᠲᠡ ᠴᠠᠭᠠᠰᠤᠨ ᠬᠠᠶᠢᠷᠴᠠᠭ ᠤᠨ ᠦᠢᠯᠡᠳᠪᠦᠷᠢ᠂ ᠴᠡᠴᠡᠭᠲᠦ ᠰᠠᠭᠰᠤ ᠶᠢᠨ ᠦᠢᠯᠡᠳᠪᠦᠷᠢ᠂ ᠲᠦᠷᠭᠡᠨ ᠬᠦᠷᠭᠡᠯᠲᠡ ᠶᠢᠨ ᠪᠣᠭᠤᠳᠠᠯᠯᠠᠬᠤ ᠵᠡᠷᠭᠡ 20 ᠭᠠᠷᠤᠶ ᠦᠢᠯᠡᠳᠪᠦᠷᠢᠯᠡᠯ ᠤᠨ ᠲᠥᠷᠥᠯ ᠵᠦᠢᠯ ᠢ ᠥᠷᠭᠡᠳᠬᠡᠵᠦ᠂ ᠠᠵᠢᠯᠲᠠᠨ 25 ᠬᠥᠮᠦᠨ ᠪᠣᠯᠤᠨ ᠨᠡᠮᠡᠭᠳᠡᠵᠦ᠂ ᠵᠡᠮᠳᠡᠭᠴᠦᠳ ᠤᠨ ᠳᠠᠮ ᠠᠵᠢᠯ ᠣᠯᠤᠭᠰᠠᠨ ᠬᠥᠮᠦᠨ 31 ᠪᠣᠯᠪᠠ᠃    ᠹᠧᠢ ᠮᠧᠩ ᠵᠡᠮᠳᠡᠭᠴᠦᠳ ᠤᠨ ᠰᠦᠯᠵᠢᠶᠡᠨ ᠤ ᠬᠢᠵᠠᠭᠠᠷᠲᠤ ᠺᠣᠮᠫᠠᠨᠢ ᠶᠢᠨ ᠠᠵᠤ ᠠᠬᠤᠢ ᠶᠢᠨ ᠦᠷ᠎ᠡ ᠠᠰᠢᠭ ᠰᠠᠶᠢᠵᠢᠷᠠᠭᠰᠠᠨ ᠤ ᠳᠠᠷᠠᠭ᠎ᠠ᠂ ᠨᠡᠶᠢᠭᠡᠮ ᠢ ᠡᠰᠡᠷᠭᠦᠴᠡᠬᠦ ᠪᠠᠨ ᠮᠠᠷᠲᠠᠬᠤ ᠦᠭᠡᠢ᠂ ᠵᠦᠸᠧᠽᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ᠂ ᠳ᠋ᠠ ᠢᠦᠢ ᠱᠤ᠋ ᠰᠢᠶᠠᠩ ᠤᠨ ᠴᠢᠶᠣᠤ ᠵᠠᠨ ᠯᠦᠩ᠂ ᠮᠧᠩ ᠰᠢᠶᠠᠩ ᡁᠢ᠂ ᠯᠢᠦ ᠪᠠ ᠰᠦᠸᠧ ᠵᠡᠷᠭᠡ 100 ᠶᠠᠳᠠᠭᠤ ᠬᠦᠴᠢᠷᠳᠡᠯᠲᠡᠢ ᠡᠷᠦᠬᠡ ᠶᠢ ᠦᠨ᠎ᠡ ᠲᠥᠯᠥᠪᠦᠷᠢ ᠦᠭᠡᠢ ᠪᠠᠷ ᠲᠤᠰᠠᠯᠠᠨ ᠲᠡᠳᠬᠦᠵᠦ ᠪᠠᠶᠢᠭᠠᠳ ᠲᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠡᠨᠡ 100 ᠲᠠᠷᠢᠶᠠᠴᠢᠨ ᠲᠠᠷᠢᠶᠠᠴᠢᠨ ᠢ ᠶᠠᠳᠠᠭᠤ ᠠᠴᠠ ᠠᠩᠭᠢᠵᠢᠷᠠᠭᠤᠯᠪᠠ︔ 2020 ᠣᠨ ᠠᠴᠠ 2024 ᠤᠨ ᠪᠣᠯᠲᠠᠯ᠎ᠠ᠂ ᠺᠣᠮᠫᠠᠨᠢ 5 ᠵᠢᠯ ᠳᠠᠷᠠᠭᠠᠯᠠᠨ ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠰᠤᠷᠭᠠᠭᠤᠯᠢ ᠶᠢᠨ ᠬᠦᠴᠢᠷᠳᠡᠯᠲᠡᠢ ᠰᠤᠷᠤᠭᠴᠢᠳ ᠲᠤ ᠵᠣᠭᠤᠰ ᠬᠠᠨᠳᠢᠪᠯᠠᠵᠤ᠂ ᠨᠡᠶᠢᠭᠡᠮ ᠤᠨ ᠪᠠᠭᠤᠷᠠᠶᠢᠴᠤᠤᠯ ᠳᠤ ᠬᠠᠶᠢᠷ᠎ᠠ ᠬᠠᠯᠠᠮᠵᠢ ᠪᠠᠨ ᠬᠠᠨᠳᠢᠪᠯᠠᠪᠠ᠃    10 ᠵᠡᠮᠳᠡᠭ ᠬᠥᠮᠦᠨ ᠤ ᠪᠣᠳᠣᠵᠤ ᠪᠠᠢᠭ᠎ᠠ ᠬᠡᠢ ᠬᠤᠭᠤᠰᠣᠨ ᠵᠡᠭᠦᠳᠦ ᠠᠯᠬᠤᠮ ᠠᠯᠬᠤᠮ ᠢᠶᠠᠷ ᠪᠡᠶᠡᠯᠡᠭᠳᠡᠪᠡ᠃ ᠬᠡᠳᠦᠨ ᠵᠢᠯ ᠤᠨ ᠲᠤᠷᠰᠢ᠂ ᠹᠸᠢ ᠮᠧᠩ ᠵᠡᠮᠳᠡᠭᠴᠦᠳ ᠤᠨ ᠰᠦᠯᠵᠢᠶᠡᠨ ᠤ ᠬᠢᠵᠠᠭᠠᠷᠲᠤ ᠺᠣᠮᠫᠠᠨᠢ ᠤᠷᠢᠳ ᠬᠤᠵᠢᠳ ︽ᠥᠪᠥᠷ ᠮᠣᠩᠭᠤᠯ ᠤᠨ ᠡᠯᠧᠺᠳ᠋ᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠰᠢᠯᠢᠳᠡᠭ ᠠᠵᠤ ᠠᠬᠤᠶᠢᠯᠠᠯ︾ ︽ᠵᠦᠸᠧᠽᠢ ᠰᠢᠶᠠᠨ ᠤ ᠵᠡᠮᠳᠡᠭᠴᠦᠳ ᠤᠨ ᠲᠡᠷᠢᠭᠦᠨ ᠤ ᠠᠵᠢᠯ ᠣᠯᠭᠤᠯᠲᠠ ᠶᠢᠨ ᠰᠢᠨ᠎ᠡ ᠡᠭᠦᠳᠦᠯᠲᠡ︾ ᠶᠢ ᠬᠦᠷᠲᠡᠪᠡ᠃                  ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2