ᠵᠦᠸᠧᠽᠢ ᠰᠢᠶᠠᠨ᠄ ᠬᠥᠳᠡᠭᠡ ᠲᠣᠰᠬᠤᠨ ᠤ ᠲᠦᠭᠡᠭᠡᠯ ᠤᠰᠤᠨ ᠤ ᠥᠭᠡᠷᠡᠴᠢᠯᠡᠯᠲᠡ ᠨᠢ ᠲᠣᠰᠬᠤᠨ ᠤ ᠠᠷᠠᠳ ᠢ ︽ᠰᠠᠶᠢᠨ ᠤᠰᠤ ᠤᠤᠭᠤᠬᠤ︾ ᠪᠣᠯᠭᠠᠪᠠ
ᠨᠡᠶᠢᠲᠡᠯᠡᠭᠰᠡᠨ ᠴᠠᠭ᠄
2024/12/24
    ᠬᠥᠳᠡᠭᠡ ᠲᠣᠰᠬᠤᠨ ᠤ ᠤᠰᠤ ᠤᠮᠳᠠ ᠶᠢᠨ ᠢᠨᠵᠧᠨᠧᠷᠢᠩ ᠪᠣᠯ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠤᠢᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠬᠢᠨ ᠬᠥᠳᠡᠭᠡ ᠲᠣᠰᠬᠤᠨ ᠤ ᠤᠰᠤ ᠬᠠᠩᠭᠠᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠣᠳᠠᠲᠠᠢ ᠦᠢᠯᠡᠳᠦᠯᠭᠡ ᠪᠣᠯᠭᠠᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠪᠠᠷᠢᠮᠵᠢᠶ᠎ᠠ ᠶᠢ ᠬᠠᠷᠭᠤᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠢᠳᠡᠪᠬᠢᠲᠡᠢ ᠠᠬᠢᠭᠤᠯᠵᠤ᠂ ᠨᠡᠩ ᠤᠯᠠᠨ ᠲᠣᠰᠬᠤᠨ ᠤ ᠠᠷᠠᠳ ᠲᠤ ᠠᠮᠤᠷ ᠲᠦᠪᠰᠢᠨ ᠲᠣᠭᠲᠠᠭᠤᠨ ᠤᠰᠤ ᠬᠠᠩᠭᠠᠬᠤ ᠦᠢᠯᠡᠴᠢᠯᠡᠭᠡ ᠶᠢ ᠦᠨᠡᠨᠬᠦ ᠬᠦᠷᠲᠡᠭᠡᠪᠡ᠃    ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠰᠦᠵᠢ ᠵᠠᠰᠠᠭ ᠵᠠᠬᠢᠷᠭᠠᠨ ᠤ ᠲᠣᠰᠬᠤᠨ ᠤ ᠢᠦᠢ ᠱᠤ᠋ ᠯᠢᠶᠠᠩ ᠠᠶᠢᠯ ᠲᠣᠰᠬᠤᠨ ᠤ ᠲᠦᠭᠡᠭᠡᠯ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠨᠢᠭᠡᠴᠡ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠡᠯᠭᠦᠭᠡ ᠵᠢᠷᠤᠭ ᠢᠶᠠᠷ ᠪᠠᠶᠢᠯᠳᠤᠵᠤ᠂ ᠪᠠᠷᠢᠯᠭ᠎ᠠ ᠶᠢᠨ ᠠᠵᠢᠯᠲᠠᠳ ᠶᠠᠭ ᠴᠠᠭ ᠨᠡᠮᠡᠵᠦ ᠬᠤᠭᠤᠯᠠᠢ ᠲᠣᠣᠷ ᠢ ᠮᠠᠯᠲᠠᠵᠤ᠂ ᠬᠤᠭᠤᠯᠠᠢ ᠲᠣᠣᠷ ᠳᠡᠪᠢᠰᠴᠦ᠂ ᠲᠣᠰᠬᠤᠨ ᠤ ᠠᠷᠠᠳ ᠤᠨ ︽ᠤᠤᠭᠤᠬᠤ ᠤᠰᠤᠨ ᠤ ᠡᠪᠡᠷᠰᠢᠶᠡᠯ︾ ᠤᠳᠠᠯ ᠦᠭᠡᠢ ᠰᠢᠢᠳᠪᠦᠷᠢᠯᠡᠭᠳᠡᠬᠦ ᠭᠡᠵᠦ ᠪᠠᠶᠢᠨ᠎ᠠ᠃ ᠰᠦᠵᠢ ᠵᠠᠰᠠᠭ ᠵᠠᠬᠢᠷᠭᠠᠨ ᠤ ᠲᠣᠰᠬᠤᠨ ᠤ ᠪᠠᠰᠠ ᠨᠢᠭᠡᠨ ᠴᠠᠩ ᠯᠢᠶᠠᠩ ᠠᠶᠢᠯ ᠲᠣᠰᠬᠤᠨ ᠳᠤ᠂ ᠲᠣᠰᠬᠤᠨ ᠤ ᠠᠷᠠᠳ ᠲᠦᠭᠡᠭᠡᠯ ᠤᠰᠤ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠠᠪᠴᠢᠷᠠᠭᠰᠠᠨ ᠳᠥᠭᠦᠮ ᠳᠥᠲᠡ᠂ ᠲᠦᠷᠭᠡᠨ ᠬᠦᠷᠴᠦ ᠢᠷᠡᠪᠡ᠃    ᠡᠨᠡ ᠤᠳᠠᠭ᠎ᠠ ᠶᠢᠨ ᠪᠠᠷᠢᠯᠭ᠎ᠠ ᠨᠢ ᠪᠢᠳᠡᠨ ᠤ ᠤᠰᠤ ᠤᠮᠳᠠ ᠶᠢᠨ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠭᠰᠡᠨ ᠪᠠᠶᠢᠨ᠎ᠠ᠃ ᠥᠩᠭᠡᠷᠡᠭᠰᠡᠨ ᠳᠤ ᠡᠨᠡ ᠨᠢ ᠢᠯᠵᠠᠷᠠᠭᠰᠠᠨ ᠪᠢᠰᠢ᠂ ᠬᠠᠷᠢᠨ ᠲᠡᠷᠡ ᠨᠢ ᠡᠪᠳᠡᠷᠡᠵᠡᠢ᠂ ᠨᠢᠭᠡ ᠡᠳᠦᠷ ᠴᠦ ᠤᠰᠤ ᠣᠯᠵᠤ ᠳᠡᠢᠯᠬᠦ ᠦᠭᠡᠢ᠂ ᠪᠢᠳᠡ ᠤᠰᠤ ᠢᠳᠡᠬᠦ ᠳᠤ ᠲᠣᠩ ᠬᠦᠴᠢᠷᠲᠡᠢ᠃ ᠡᠨᠡ ᠤᠳᠠᠭᠠᠨ ᠤ ᠪᠠᠷᠢᠯᠭ᠎ᠠ ᠶᠢᠨ ᠬᠤᠭᠤᠯᠠᠶ ᠪᠦᠬᠦᠨ ᠢᠶᠠᠷ ᠢᠶᠠᠨ ᠰᠢᠨ᠎ᠡ ᠶᠢ ᠰᠣᠯᠢᠪᠠ᠂ ᠤᠳᠤ ᠰᠥᠨᠢ ᠳᠦᠯᠢ ᠪᠠᠷ ᠤᠰᠤ ᠪᠠᠶᠢᠵᠤ ᠮᠠᠨ ᠤ ᠠᠷᠠᠳ ᠲᠦᠮᠡᠨ ᠳᠤ ᠦᠨᠡᠬᠡᠷ ᠶᠡᠭᠡ ᠰᠠᠶᠢᠨ ᠶᠠᠪᠤᠳᠠᠯ ᠬᠢᠵᠦ ᠥᠭᠴᠡᠢ︾ ᠭᠡᠵᠦ ᠬᠡᠯᠡᠪᠡ᠃ ᠴᠠᠩᠯᠢᠶᠠᠩ ᠲᠤᠰᠬᠤᠨ ᠤ ᠠᠷᠠᠳ ᠸᠧᠨ ᠪᠠᠨ ᠭᠠᠩ ᠪᠠᠶᠠᠷᠲᠠᠶ ᠬᠡᠯᠡᠪᠡ᠃    ᠡᠨᠡ ᠵᠢᠯ ᠠᠴᠠ ᠨᠠᠰᠢ᠂ ᠵᠦᠸᠧᠽᠢ ᠰᠢᠶᠠᠨ ᠵᠦᠸᠧᠽᠢ ᠱᠠᠨ ᠪᠠᠯᠭᠠᠰᠤᠨ ᠤ ᠵᠦᠩ ᠶᠢᠩᠽᠢ᠂ ᠰᠦᠵᠢ ᠪᠣᠯᠤᠨ ᠱᠢ ᠪᠠ ᠲᠠᠢ ᠪᠠᠯᠭᠠᠰᠤᠨ ᠤ ᠬᠤᠸᠠᠩ ᠴᠢ ᠲᠠᠨ ᠵᠡᠷᠭᠡ 4 ᠵᠠᠰᠠᠭ ᠵᠠᠬᠢᠷᠭᠠᠨ ᠤ ᠲᠣᠰᠬᠤᠨ ᠳᠤ ᠲᠦᠭᠡᠭᠡᠯ ᠤᠰᠤ ᠶᠢ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠪᠠᠶᠢᠭᠤᠯᠵᠤ᠂ ᠬᠤᠯᠪᠣᠭᠳᠠᠬᠤ ᠲᠣᠰᠬᠤᠨ ᠳᠤ ᠰᠢᠨ᠎ᠡ ᠪᠠᠷ ᠪᠠᠶᠢᠭᠤᠯᠤᠭᠰᠠᠨ ᠮᠠᠰᠢᠨ ᠴᠠᠬᠢᠯᠭᠠᠨ ᠬᠤᠳᠳᠤᠭ ᠪᠣᠯᠤᠨ ᠪᠠᠴᠢᠮ ᠪᠠᠶᠢᠳᠠᠯ ᠢ ᠠᠷᠭᠠᠴᠠᠬᠤ ᠬᠤᠳᠳᠤᠭ ᠢ ᠰᠢᠨ᠎ᠡ ᠪᠠᠷ ᠪᠠᠶᠢᠭᠤᠯᠬᠤ᠂ ᠡᠯ᠎ᠡ ᠲᠦᠷᠦᠯ ᠤᠨ ᠤᠰᠤ ᠬᠠᠩᠭᠠᠬᠤ ᠬᠤᠭᠤᠯᠠᠢ ᠵᠡᠷᠭᠡ ᠬᠠᠮᠢᠶ᠎ᠠ ᠪᠦᠬᠦᠢ ᠳᠠᠭᠠᠯᠲᠠ ᠢᠵᠢ ᠪᠦᠷᠢᠳᠦᠭᠰᠡᠨ ᠪᠠᠷᠢᠯᠭ᠎ᠠ ᠶᠢ ᠳᠡᠪᠢᠰᠪᠡ᠃ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ 1500 ᠬᠦᠮᠦᠨ ᠤ ᠤᠤᠭᠤᠬᠤ ᠤᠰᠤᠨ ᠤ ᠠᠶᠤᠯ ‍ᠦᠭᠡᠢ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠪᠣᠯᠤᠨ᠎ᠠ᠃    ᠵᠦᠸᠧᠽᠢ ᠰᠢᠶᠠᠨ ᠤ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠯᠢ ᠺᠠᠶ ᠲᠠᠨᠢᠯᠴᠠᠭᠤᠯᠤᠭᠰᠠᠨ ᠨᠢ᠂ ᠣᠲᠣ ᠪᠣᠯᠲᠠᠯ᠎ᠠ᠂ ᠵᠦᠸᠧᠽᠢ ᠰᠢᠶᠠᠨ ᠤ ᠬᠥᠳᠡᠭᠡ ᠲᠣᠰᠬᠤᠨ ᠤ ᠲᠦᠭᠡᠭᠡᠯ ᠤᠰᠤ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠳᠤ ᠨᠡᠶᠢᠲᠡ 264 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠲᠦᠭᠡᠭᠡᠯ ᠤᠰᠤᠨ ᠤ ᠬᠤᠭᠤᠯᠠᠶ ᠶᠢᠨ ᠲᠣᠤᠷ ᠢ ᠳᠡᠭᠡᠭᠰᠢᠯᠡᠭᠦᠯᠬᠦ ᠵᠢᠴᠢ 24 ᠲᠥᠪᠯᠡᠷᠡᠩᠭᠦᠶ ᠮᠠᠶ᠋ᠢᠭ ᠤᠨ ᠤᠰᠤ ᠬᠠᠩᠭᠠᠬᠤ ᠴᠡᠭ ᠤᠨ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠪᠡ᠃ ᠡᠯ᠎ᠡ ᠵᠦᠢᠯ ᠤᠨ ᠲᠥᠰᠥᠯ ᠢ ᠦᠨᠳᠦᠰᠦᠨ ᠳᠤ ᠪᠠᠨ  ᠪᠡᠶᠡᠯᠡᠭᠦᠯᠪᠡ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2