ᠵᠦᠸᠧᠽᠢ ᠰᠢᠶᠠᠨ᠄ ᠮᠠᠯ ᠤᠨ ᠡᠪᠦᠯᠵᠢᠬᠦ ︽ᠬᠦᠨᠡᠰᠦᠨ ᠠᠮᠤ︾ ᠶᠢ ᠭᠦᠢᠴᠡᠳ ᠪᠡᠯᠡᠳᠬᠡᠪᠡ
ᠨᠡᠶᠢᠲᠡᠯᠡᠭᠰᠡᠨ ᠴᠠᠭ᠄
2024/12/24
    ᠣᠶᠢᠷ᠎ᠠ ᠶᠢᠨ ᠡᠳᠦᠷ ᠤᠳ ᠲᠤ᠂ ᠵᠦᠸᠧᠽᠢ ᠰᠢᠶᠠᠨ ᠲᠡᠵᠢᠭᠡᠯ ᠪᠣᠷᠳᠤᠭ᠎ᠠ ᠨᠥᠭᠡᠴᠡᠯᠡᠬᠦ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠨ ᠤ 50 ᠭᠠᠷᠤᠢ ᠲᠦᠮᠡᠨ ᠮᠠᠯ ᠤᠨ ᠡᠪᠦᠯᠵᠢᠬᠦ ᠬᠠᠪᠤᠷ ᠤᠨ ᠤᠯᠠᠷᠢᠯ ᠳᠤ ︽ᠬᠦᠨᠡᠰᠦᠨ ᠠᠮᠤ︾ ᠶᠢ ᠭᠦᠢᠴᠡᠳ ᠪᠡᠯᠡᠳᠬᠡᠪᠡ᠃    ᠵᠦᠸᠧᠽᠢ ᠰᠢᠶᠠᠨ ᠤ ᠱᠢ ᠪᠠ ᠲᠠᠢ ᠪᠠᠯᠭᠠᠰᠤᠨ ᠤ ᠬᠠᠯᠠᠭᠠᠶᠢᠲᠤ ᠲᠣᠰᠬᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯᠠᠪᠠᠢ ᠳᠤ᠂ ᠡᠪᠡᠰᠦ ᠶᠢᠨ ᠲᠡᠵᠢᠭᠡᠯ ᠪᠣᠷᠳᠤᠭ᠎ᠠ ᠳᠦᠭᠦᠷᠦᠭᠰᠡᠨ ᠠᠴᠢᠶᠠᠨ ᠤ ᠮᠠᠰᠢᠨ ᠲᠡᠷᠭᠡ ᠶᠠᠭ ᠲᠡᠷᠭᠡ ᠪᠠᠨ ᠪᠠᠭᠤᠯᠭᠠᠵᠤ ᠪᠠᠶᠢᠨ᠎ᠠ᠃ ᠲᠡᠵᠢᠭᠡᠭᠴᠢ ᠨᠢ ᠲᠷᠠᠺᠲ᠋ᠣᠷ ᠨᠡᠭᠡᠭᠡᠵᠦ᠂ ᠰᠠᠶ᠋ᠢᠬᠠᠨ ᠲᠠᠷᠢᠶᠠᠨ ᠭᠠᠵᠠᠷ ᠠᠴᠠ ᠬᠠᠳᠤᠵᠤ ᠪᠠᠶᠢᠭᠰᠠᠨ ᠬᠠᠭᠤᠷᠠᠶ ᠡᠪᠡᠰᠦᠨ ᠤ ᠪᠣᠷᠳᠤᠭ᠎ᠠ ᠶᠢ ᠡᠮᠬᠢ ᠵᠢᠷᠤᠮ ᠲᠠᠢ ᠪᠠᠷ ᠲᠡᠵᠢᠭᠡᠯ ᠪᠣᠷᠳᠤᠭ᠎ᠠ ᠨᠥᠭᠡᠴᠡᠯᠡᠬᠦ ᠲᠠᠯᠠᠪᠠᠢ ᠳᠤ ᠰᠢᠯᠵᠢᠭᠦᠯᠪᠡ᠃    ᠲᠡᠵᠢᠭᠡᠭᠴᠢ ᠪᠦᠬᠡ᠄ ︽ᠪᠢᠳᠡ ᠡᠨᠡ ᠵᠢᠯ 300 ᠮᠥ ᠶᠤᠤᠮᠠᠢ ᠶᠢᠨ ᠡᠰᠢ ᠶᠢ ᠬᠠᠳᠠᠭᠠᠯᠠᠬᠤ ᠪᠠᠷ ᠲᠥᠯᠥᠪᠯᠡᠵᠦ ᠪᠣᠶ᠂ 10 ᠰᠠᠷ᠎ᠠ ᠶᠢᠨ 10 ᠤ ᠡᠳᠦᠷ ᠠᠴᠠ ᠡᠬᠢᠯᠡᠨ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠨᠥᠭᠡᠴᠡᠯᠡᠬᠦ᠂ ᠵᠥᠭᠡᠭᠡᠪᠦᠷᠢᠯᠡᠬᠦ ᠠᠵᠢᠯ ᠢ ᠬᠢᠵᠦ᠂ ᠡᠳᠦᠷ ᠪᠦᠷᠢ ᠳᠣᠯᠤᠭ᠎ᠠ ᠨᠠᠢᠮᠠᠨ ᠵᠠᠭᠤᠨ ᠪᠣᠭᠤᠳᠠᠯᠯᠠᠵᠤ ᠪᠣᠯᠤᠨ᠎ᠠ︾᠃    ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠪᠣᠯ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠴᠢᠬᠤᠯᠠ ᠭᠤᠭᠴᠤᠭ᠎ᠠ ᠪᠣᠯᠤᠨ᠎ᠠ᠃ ᠨᠠᠮᠤᠷ ᠤᠨ ᠲᠡᠵᠢᠭᠡᠯ ᠡᠪᠡᠰᠦ ᠬᠠᠳᠤᠵᠤ ᠬᠤᠷᠢᠶᠠᠬᠤ ᠳᠤ ᠪᠣᠷᠳᠤᠭ᠎ᠠ ᠪᠣᠯᠭᠠᠨ ᠬᠠᠳᠠᠭᠠᠯᠠᠵᠤ ᠂ ᠡᠪᠦᠯ ᠤᠨ ᠤᠯᠠᠷᠢᠯ ᠳᠤ ᠮᠠᠯ ᠲᠡᠵᠢᠭᠡᠬᠦ ᠪᠠᠷ ᠪᠡᠯᠡᠳᠭᠡᠬᠦ ᠪᠣᠯ ᠲᠠᠷᠢᠶᠠᠴᠢᠳ ᠤᠨ ᠤᠯᠠᠷᠢᠯ ᠤᠨ ᠴᠢᠨᠠᠷᠲᠠᠶ ᠴᠢᠬᠤᠯᠠ ᠠᠵᠢᠯ ᠪᠣᠯᠤᠨ᠎ᠠ᠃ ᠣᠳᠣᠬᠠᠨ ᠳᠤ᠂ ᠵᠦᠸᠧᠽᠢ ᠰᠢᠶᠠᠨ ᠳᠤ ᠦᠬᠡᠷ᠂ ᠬᠤᠨᠢ᠂ ᠠᠳᠤᠭᠤ ᠵᠡᠷᠭᠡ ᠮᠠᠯ ᠤᠨ ᠲᠤᠭ᠎ᠠ ᠲᠣᠯᠣᠭᠠᠶ ᠨᠡᠶᠢᠲᠡ 50 ᠭᠠᠷᠤᠶ ᠲᠦᠮᠡ ᠪᠠᠶᠢᠵᠤ᠂ ᠣᠲᠣ ᠨᠢᠭᠡᠨᠲᠡ ᠬᠠᠭᠤᠷᠠᠶ ᠡᠪᠡᠰᠦ᠂ ᠨᠣᠭᠤᠭᠠᠨ ᠳᠠᠷᠤᠰᠢ ᠶᠢᠨ ᠲᠡᠵᠢᠭᠡᠯ ᠪᠣᠷᠳᠤᠭ᠎ᠠ ᠨᠥᠭᠡᠴᠡᠯᠡᠬᠦ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠭᠦᠢᠴᠡᠳ ᠲᠡᠵᠢᠭᠡᠯ ᠪᠣᠷᠳᠤᠭ᠎ᠠ ᠶᠢᠨ ᠨᠥᠭᠡᠴᠡ ᠨᠢ ᠮᠠᠯ ᠤᠨᠤᠭ᠎ᠠ ᠶᠢ ᠠᠮᠤᠷ ᠲᠦᠪᠰᠢᠨ ᠢᠶᠠᠷ ᠡᠪᠦᠯᠵᠢᠭᠦᠯᠬᠦ ᠶᠢ ᠦᠨᠡᠨ ᠬᠦ ᠪᠠᠲᠤᠯᠠᠵᠤ᠂ ᠡᠪᠦᠯ ᠤᠨ ᠤᠯᠠᠷᠢᠯ ᠳᠤ ︽ᠢᠯᠡᠭᠦᠴᠡ ᠠᠮᠤ ᠪᠤᠳᠠᠭ᠎ᠠ︾ ᠲᠠᠢ᠂ ᠬᠠᠪᠤᠷ ᠤᠨ ᠤᠯᠠᠷᠢᠯ ᠳᠤ ︽ᠲᠠᠰᠤᠷᠠᠬᠤ ᠦᠭᠡᠢ︾ ᠪᠠᠶᠢᠬᠤ ᠶᠢ ᠪᠡᠶᠡᠯᠡᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠦᠷᠭᠦᠯᠵᠢᠯᠡᠨ ᠲᠣᠭᠲᠠᠭᠤᠨ᠂ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠪᠠ᠃                  ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2