ᠵᠦᠸᠧᠽᠢ ᠰᠢᠶᠠᠨ᠄ ᠨᠡᠶᠢᠲᠡ ᠶᠢᠨ ᠵᠣᠷᠯᠣᠩ ᠤᠨ ︽ᠵᠢᠰᠦ ᠴᠢᠷᠠᠢ︾ ᠶᠢ ᠳᠡᠭᠡᠭᠰᠢᠯᠡᠭᠦᠯᠵᠦ ᠵᠣᠷᠯᠣᠩ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ
ᠨᠡᠶᠢᠲᠡᠯᠡᠭᠰᠡᠨ ᠴᠠᠭ᠄
2024/12/24
   ᠬᠤᠲᠠ ᠶᠢᠨ ᠨᠡᠶᠢᠲᠡ ᠶᠢᠨ ᠵᠣᠷᠯᠣᠩ ᠨᠢ ᠠᠷᠠᠳ ᠤᠨ ᠠᠮᠢᠳᠤᠷᠠᠯ ᠲᠠᠢ ᠬᠤᠯᠪᠣᠭᠳᠠᠬᠤ ᠪᠠᠷ ᠪᠠᠷᠠᠬᠤ ᠥᠬᠡᠶ᠂ ᠨᠠᠩ ᠴᠤ ᠬᠤᠲᠠ ᠶᠢᠨ ᠪᠣᠯᠪᠠᠰᠤᠨ ᠤ ᠢᠯᠡᠷᠡᠯ ᠪᠣᠯᠤᠨ᠎ᠠ᠃ ᠡᠨᠡ ᠵᠢᠯ ᠠᠴᠠ ᠨᠠᠰᠢ᠂ ᠵᠦᠸᠧᠽᠢ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠰᠠᠭᠤᠭᠠᠯᠢ ᠠᠷᠠᠳ ᠤᠨ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠨᠡᠶᠢᠲᠡ ᠶᠢᠨ ᠵᠣᠷᠯᠣᠩ ᠢ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠠᠷᠭ᠎ᠠ ᠪᠤᠳᠤᠵᠤ᠂ ᠬᠦᠴᠦ ᠣᠷᠣᠭᠤᠯᠤᠨ᠂ ᠪᠣᠳᠠᠲᠠᠶ ᠠᠷᠭ᠎ᠠ ᠭᠠᠷᠭᠠᠵᠤ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠪᠠᠶᠢᠬᠤ ᠶᠢ ᠰᠠᠶᠢᠵᠢᠷᠠᠭᠤᠯᠬᠤ ᠲᠠᠯ᠎ᠠ ᠪᠠᠷ ᠢᠳᠡᠪᠬᠢᠲᠡᠶ ᠦᠷ᠎ᠡ ᠪᠦᠲᠦᠮᠵᠢ ᠤᠯᠪᠠ᠃    ᠥᠷᠯᠦᠭᠡ᠂ ᠰᠤᠷᠪᠤᠯᠵᠢᠯᠠᠭᠴᠢ ᠰᠢᠶᠠᠨ ᠤ ᠬᠤᠲᠠ ᠶᠢᠨ ᠣᠯᠠᠨ ᠨᠡᠶᠢᠲᠡ ᠶᠢᠨ ᠵᠣᠷᠯᠣᠩ ᠤᠨ ᠶᠡᠭᠡ ᠲᠢᠩᠬᠢᠮ ᠳᠤ ᠣᠷᠣᠬᠤ ᠳᠤ᠂ ᠴᠡᠪᠡᠷᠯᠡᠭᠴᠢ ᠨᠢᠭᠡᠨᠲᠡ ᠶᠠᠭᠠᠷᠠᠯᠲᠠᠶ ᠨᠢᠭᠡ ᠡᠳᠦᠷ ᠪᠣᠯᠵᠠᠶ᠂ ᠲᠡᠳᠡ ᠱᠦᠭᠦᠷ᠂ ᠱᠠᠯᠠ᠂ ᠴᠡᠪᠡᠷᠯᠡᠬᠦ ᠡᠳ᠋ ᠵᠡᠷᠭᠡ ᠪᠠᠭᠠᠵᠢ ᠬᠡᠷᠡᠭᠰᠡᠯ ᠢᠶᠠᠨ ᠠᠪᠴᠤ᠂ ᠣᠷᠣ ᠳᠡᠪᠢᠰᠬᠡᠷ᠂ ᠱᠠᠯᠠ᠂ ᠬᠡᠷᠡᠮ᠂ ᠡᠭᠦᠳᠡ ᠴᠣᠩᠬᠤ ᠵᠡᠷᠭᠡ ᠠᠷᠢᠭᠤᠨ ᠴᠡᠪᠡᠷ ᠤᠨ ᠣᠷᠣᠨ ᠢ ᠨᠠᠷᠢᠨ ᠬᠢᠨᠠᠮᠠᠭᠠᠶ ᠴᠡᠪᠡᠷᠯᠡᠵᠦ᠂ ᠨᠡᠶᠢᠲᠡ ᠶᠢᠨ ᠵᠣᠷᠯᠣᠩ ᠤᠨ ᠳᠣᠲᠣᠷ᠎ᠠ ᠭᠠᠳᠠᠨ᠎ᠠ ᠪᠥᠬᠦ ᠲᠠᠯ᠎ᠠ ᠪᠠᠷ᠂ ᠪᠦᠬᠦᠨ ᠢ ᠪᠦᠷᠬᠦᠭᠦᠯᠬᠦ ᠪᠠ ᠠᠷᠢᠭᠤᠳᠬᠠᠵᠤ᠂ ᠴᠡᠪᠡᠷᠯᠡᠭᠰᠡᠨ ᠤ ᠳᠠᠷᠠᠭᠠᠬᠢ ᠨᠡᠶᠢᠲᠡ ᠶᠢᠨ ᠵᠣᠷᠯᠣᠩ ᠢ ᠴᠡᠪᠡᠷ ᠴᠡᠮᠴᠡᠭᠡᠷ ᠲᠠᠭᠠᠯᠠᠮᠵᠢᠲᠠᠶ᠂ ᠠᠭᠤᠷ ᠠᠮᠢᠰᠬᠤᠯ ᠴᠡᠪᠡᠷ ᠲᠤᠩᠭᠠᠯᠠᠭ ᠪᠣᠯᠵᠠᠶ᠃    ᠵᠦᠸᠧᠽᠢ ᠰᠢᠶᠠᠨ ᠤ ᠨᠡᠶᠢᠲᠡ ᠶᠢᠨ ᠵᠣᠷᠯᠣᠩ ᠤᠨ ᠴᠡᠪᠡᠷᠯᠡᠭᠴᠢ ᠯᠢ ᠰᠧ ᠮᠤᠤ᠄ ︽ᠪᠢᠳᠡ ᠥᠷᠯᠥᠭᠡ ᠶᠢᠨ 7 ᠴᠠᠭ ᠲᠤ ᠠᠵᠢᠯᠯᠠᠵᠤ ᠪᠠᠶᠢᠭ᠎ᠠ ᠦᠳᠡ ᠶᠢᠨ ᠬᠤᠶᠢᠨᠠᠬᠢ 5 ᠴᠠᠭ ᠬᠠᠭᠠᠰ ᠲᠤ ᠠᠵᠢᠯ ᠠᠴᠠ ᠪᠠᠭᠤᠵᠤ᠂ ᠡᠩ ᠤᠨ ᠦᠶ᠎ᠡ ᠳᠤ ᠭᠤᠤᠯᠳᠠᠭᠤ ᠠᠷᠢᠭᠤᠳᠬᠠᠯ ᠬᠢᠵᠦ᠂ ᠠᠷᠢᠭᠤᠨ ᠴᠡᠪᠡᠷ᠂ ᠲᠠᠭᠠᠯᠠᠮᠵᠢᠲᠠᠶ ᠠᠷᠢᠭᠤᠨ ᠴᠡᠪᠡᠷ ᠣᠷᠴᠢᠨ ᠲᠣᠭᠤᠷᠢᠨ ᠢ ᠬᠠᠩᠭᠠᠨ᠎ᠠ᠂ ᠪᠢ ᠡᠨᠡ ᠠᠵᠢᠯ ᠳᠤ ᠮᠠᠰᠢ ᠬᠠᠨᠤᠮᠵᠢᠲᠠᠶ ᠪᠠᠶᠢᠨ᠎ᠠ︾ ᠭᠡᠵᠦ ᠬᠡᠯᠡᠪᠡ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠬᠥᠮᠦᠨ ᠤ ᠤᠷᠤᠰᠬᠠᠯ ᠤᠨ ᠬᠡᠮᠵᠢᠶ᠎ᠡ ᠪᠠᠷ ᠨᠡᠯᠢᠶᠡᠳ ᠶᠡᠭᠡ ᠨᠡᠶᠢᠲᠡ ᠶᠢᠨ ᠵᠣᠷᠯᠣᠩ ᠳᠤ ᠪᠠᠰᠠ ᠬᠠᠷᠰᠢ ᠰᠠᠭᠠᠳ ᠥᠬᠡᠶ ᠨᠠᠯᠠᠤ ᠵᠠᠮ᠂ ᠬᠠᠷᠰᠢ ᠰᠠᠭᠠᠳ ᠥᠬᠡᠶ ᠭᠠᠷ ᠬᠡᠷᠡᠰᠬᠡ ᠲᠠᠭᠠᠷᠠᠭᠤᠯᠵᠤ᠂ ᠰᠠᠯᠬᠢ ᠨᠡᠪᠲᠡᠷᠡᠭᠦᠯᠬᠦ ᠲᠥᠬᠦᠭᠡᠷᠦᠮᠵᠢ ᠤᠭᠰᠠᠷᠠᠨ᠂ ᠠᠷᠢᠭᠤᠨ ᠴᠡᠪᠡᠷ ᠤᠨ ᠠᠵᠢᠯᠲᠠᠨ ᠤ ᠠᠮᠠᠷᠠᠬᠤ ᠲᠠᠰᠤᠭ ᠳᠣᠭᠢᠷᠠᠭᠤᠯᠵᠤ᠂ ᠣᠯᠠᠨ ᠲᠦᠮᠡᠨ ᠤ ᠬᠡᠷᠡᠭᠯᠡᠬᠦ ᠶᠠᠪᠤᠴᠠ ᠳᠤ ᠬᠤᠲᠠ ᠶᠢᠨ ᠬᠠᠶᠢᠷ᠎ᠠ ᠬᠠᠯᠠᠮᠵᠢ ᠶᠢ ᠦᠨᠡᠨ ᠬᠦ ᠪᠠᠲᠤᠯᠠᠵᠤ ᠪᠠᠶᠢᠨ᠎ᠠ᠃    ︽ᠪᠢᠳᠡ ᠨᠡᠶᠢᠲᠡ ᠶᠢᠨ ᠵᠣᠷᠯᠣᠩ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠬᠦ ᠶᠢ ᠴᠢᠬᠤᠯᠠᠴᠢᠯᠠᠵᠤ᠂ ᠬᠠᠷᠢᠶᠠᠲᠤ ᠣᠷᠣᠨ ᠤ ᠳᠣᠲᠣᠷᠠᠬᠢ 28 ᠨᠡᠶᠢᠲᠡ ᠶᠢᠨ ᠵᠣᠷᠯᠣᠩ ᠳᠤ ︿ᠬᠥᠮᠦᠨ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠠᠷᠢᠭᠤᠴᠠᠯᠭ᠎ᠠ ᠲᠣᠭᠲᠠᠭᠠᠬᠤ﹀ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ 24 ᠴᠠᠭ ᠤᠨ ᠨᠡᠭᠡᠭᠡᠯᠲᠡ ᠶᠢᠨ ᠲᠦᠷᠢᠮ ᠢ ᠬᠡᠷᠡᠭᠵᠢᠭᠦᠯᠪᠡ︾᠃ ᠵᠦᠸᠧᠽᠢ ᠰᠢᠶᠠᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠡᠳ᠋ ᠳᠠᠷᠤᠭ᠎ᠠ ᠯᠢ ᠵᠢᠶᠧ ᠢᠯᠡᠷᠬᠡᠶᠢᠯᠡᠬᠦ ᠳᠡᠭᠡᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠨᠡᠶᠢᠲᠡ ᠶᠢᠨ ᠵᠣᠷᠯᠣᠩ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠨᠡᠶᠢᠲᠡ ᠶᠢᠨ ᠵᠣᠷᠯᠣᠩ ᠢ ᠬᠠᠮᠢᠶᠠᠷᠤᠯᠲᠠ ᠳᠠᠰᠢ ᠨᠠᠷᠢᠯᠢᠬᠵᠢᠭᠤᠯᠬᠤ᠂ ᠠᠷᠢᠭᠤᠨ ᠴᠡᠪᠡᠷ ᠤᠨ ᠪᠠᠷᠢᠮᠵᠢᠶᠠᠵᠢᠭᠤᠯᠤᠯᠲᠠ᠂ ᠦᠢᠯᠡᠴᠢᠯᠡᠭᠡᠨ ᠤ ᠬᠥᠮᠦᠨᠴᠢᠯᠡᠭᠰᠡᠨ ᠬᠥᠭᠵᠢᠯᠲᠡ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ︽ᠠᠷᠠᠳ ᠤᠨ ᠬᠤᠲᠠ ᠶᠢᠨ ᠬᠠᠮᠢᠶᠠᠷᠤᠯᠲᠠ︾ ᠶᠢᠨ ᠣᠶᠢᠯᠠᠭᠠᠭᠳᠠᠬᠤᠨ ᠪᠠ ︽ᠨᠠᠷᠢᠯᠢᠬᠵᠢᠭᠤᠯᠤᠭᠰᠠᠨ ᠬᠠᠮᠢᠶᠠᠷᠤᠯᠲᠠ︾ ᠶᠢᠨ ᠬᠠᠷᠠᠯᠲᠠ ᠶᠢ ᠦᠨᠡᠨ ᠬᠦ ᠪᠣᠳᠠᠲᠠᠶ ᠪᠥᠭᠡᠳ ᠨᠠᠷᠢᠯᠢᠭ ᠬᠢᠵᠦ᠂ ᠨᠠᠩ ᠰᠢᠯᠢᠳᠡᠭ ᠣᠨᠴᠠᠯᠢᠭ ᠲᠠᠢ ᠪᠣᠯᠪᠠᠰᠤᠨ ᠴᠣᠩᠬᠤ ᠶᠢ ᠪᠣᠶ ᠪᠣᠯᠭᠠᠵᠤ᠂ ᠰᠠᠭᠤᠭᠠᠯᠢ ᠠᠷᠠᠳ ᠲᠤ ᠨᠠᠩ ᠴᠢᠨᠠᠷ ᠰᠠᠶᠢᠲᠠᠶ᠂ ᠨᠠᠩ ᠳᠥᠭᠦᠮ ᠳᠥᠲᠡ ᠵᠣᠷᠯᠣᠩ ᠤᠨ ᠣᠷᠴᠢᠨ ᠲᠣᠭᠤᠷᠢᠨ ᠢ ᠴᠢᠷᠮᠠᠶᠢᠨ ᠬᠠᠩᠭᠠᠵᠤ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠭᠡᠵᠡᠶ᠃                  ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2