ᠵᠦᠸᠧᠽᠢ ᠰᠢᠶᠠᠨ᠄ ︽ᠵᠢᠯᠣᠭᠤᠴᠢ ᠶᠢᠨ ᠭᠡᠷ︾ ᠢ ᠪᠦᠲᠦᠭᠡᠨ ᠪᠠᠶᠢᠭᠤᠯᠵᠤ ᠰᠡᠳᠬᠢᠯ ᠢ ᠳᠤᠯᠠᠭᠠᠴᠠᠭᠤᠯᠬᠤ ᠭᠠᠷᠠᠮ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/12/4
    ᠥᠷᠭᠡᠨ ᠣᠯᠠᠨ ᠪᠠᠷᠠᠭᠠᠨ ᠤ ᠲᠡᠷᠭᠡᠨ ᠵᠢᠯᠣᠭᠤᠴᠢ ᠶᠢᠨ ᠠᠵᠢᠯ ᠤᠨ ᠨᠥᠬᠦᠴᠡᠯ ᠢ ᠪᠦᠲᠦᠮᠵᠢᠲᠡᠶ ᠰᠠᠶᠢᠵᠢᠷᠠᠭᠤᠯᠵᠤ᠂ ᠡᠨᠡ ᠬᠦ ᠬᠠᠮᠲᠤᠯᠢᠭ ᠤᠨ ᠠᠵᠢᠯ ᠡᠷᠭᠢᠯᠡᠬᠦ ᠬᠦᠷᠲᠡᠮᠵᠢ ᠶᠢᠨ ᠲᠥᠷᠥᠭᠳᠡᠯ ᠪᠠ ᠠᠵᠢᠯ ᠮᠡᠷᠭᠡᠵᠢᠯ ᠤᠨ ᠬᠠᠷᠢᠶᠠᠯᠠᠭᠳᠠᠬᠤ ᠰᠡᠳᠬᠢᠯᠭᠡ ᠶᠢ ᠦᠨᠡᠨ ᠬᠦ ᠴᠢᠩᠭᠠᠳᠬᠠᠬᠤ ᠶᠢᠨ ᠲᠥᠯᠥᠭᠡ᠂ ᠵᠦᠸᠧᠽᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠠᠷᠠᠭᠠᠨ ᠤ ᠲᠡᠷᠭᠡᠨ ᠤ ᠵᠢᠯᠣᠭᠤᠴᠢ ᠶᠢᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠨ᠂ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ᠂ ︽ᠵᠢᠯᠣᠭᠤᠴᠢ ᠶᠢᠨ ᠭᠡᠷ︾ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠪᠠᠷᠠᠭ᠎ᠠ ᠥᠩᠭᠡᠷᠡᠬᠦ ᠪᠠᠷᠠᠭᠠᠨ ᠤ ᠲᠡᠷᠭᠡᠨ ᠵᠢᠯᠣᠭᠤᠴᠢ ᠶᠢᠨ ᠬᠠᠮᠲᠤᠯᠢᠭ ᠲᠤ ᠳᠣᠲᠣᠨᠣ ᠦᠢᠯᠡᠴᠢᠯᠡᠭᠡ ᠬᠠᠩᠭᠠᠪᠠ᠃    ︽ᠵᠢᠯᠣᠭᠤᠴᠢ ᠶᠢᠨ ᠭᠡᠷ︾ ᠳᠤ ᠣᠷᠣᠬᠤ ᠳᠤ᠂ ᠭᠡᠷ ᠳᠣᠲᠣᠷᠠᠬᠢ ᠣᠷᠴᠢᠨ ᠲᠣᠭᠤᠷᠢᠨ ᠨᠢ ᠰᠠᠷᠠᠭᠤᠯ ᠠᠭᠤᠳᠠᠮ ᠂ ᠪᠢᠴᠢᠯ ᠳᠣᠯᠭᠢᠶᠠᠨᠲᠤ ᠵᠤᠤᠬ᠎ᠠ᠂ ᠤᠰᠤ ᠤᠤᠭᠤᠬᠤ ᠮᠠᠰᠢᠨ᠂ ᠲᠧᠯᠸᠢᠰ ᠵᠡᠷᠭᠡ ᠰᠠᠭᠤᠷᠢ ᠲᠥᠬᠦᠭᠡᠷᠦᠮᠵᠢ ᠨᠢ ᠴᠥᠮ ᠪᠦᠷᠢᠨ ᠪᠠᠢᠵᠤ᠂ ᠤᠩᠱᠢᠯᠭ᠎ᠠ ᠶᠢᠨ ᠥᠨᠴᠥᠭ᠂ ᠪᠡᠶ᠎ᠡ ᠴᠢᠭᠢᠷᠠᠭᠵᠢᠭᠤᠯᠬᠤ ᠮᠠᠱᠢᠨ᠂ ᠢᠯᠢᠵᠦ ᠨᠤᠬᠤᠯᠠᠬᠤ ᠰᠠᠨᠳᠠᠯᠢ ᠵᠡᠷᠭᠡ ᠰᠡᠯᠡᠭᠦᠴᠡᠯ ᠵᠤᠭ᠎ᠠ ᠴᠡᠩᠭᠡᠯ ᠤᠨ ᠲᠥᠬᠦᠭᠡᠷᠦᠮᠵᠢ ᠶᠢ ᠴᠦ ᠲᠣᠬᠢᠷᠠᠭᠤᠯᠤᠨ ᠲᠡᠭᠦᠯᠳᠡᠷᠵᠢᠭᠦᠯᠵᠦ᠂  ᠨᠠᠰᠢ ᠴᠠᠰᠢ ᠥᠩᠭᠡᠷᠡᠬᠦ ᠪᠠᠷᠠᠭᠠᠨ ᠤ ᠲᠡᠷᠭᠡᠨ ᠵᠢᠯᠣᠭᠤᠴᠢ ᠶᠢ ᠬᠠᠯᠠᠭᠤᠨ ᠪᠤᠳᠠᠭ᠎ᠠ ᠢᠳᠡᠬᠦ ᠶᠢᠨ ᠬᠠᠮᠲᠤ ᠪᠠᠰᠠ ᠤᠷᠮ᠎ᠠ ᠰᠡᠳᠭᠢᠯᠭᠡ ᠶᠢ ᠨᠢ ᠠᠮᠠᠷᠠᠭᠤᠯᠬᠤ ᠪᠣᠯᠤᠨ᠎ᠠ᠃ ᠡᠭᠦᠨ ᠤ ᠵᠡᠷᠭᠡ ᠳᠤ᠂ ︽ᠵᠢᠯᠣᠭᠤᠴᠢ ᠶᠢᠨ ᠭᠡᠷ︾ ᠪᠠᠰᠠ ᠤᠲᠠᠰᠤ ᠥᠬᠡᠶ ᠰᠦᠯᠵᠢᠶ᠎ᠡ᠂ ᠪᠠᠴᠢᠮ ᠪᠠᠶᠢᠳᠠᠯ ᠢ ᠠᠷᠭᠠᠴᠠᠬᠤ ᠡᠮ ᠤᠨ ᠬᠠᠶᠢᠷᠴᠠᠭ᠂ ᠭᠠᠷ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠨᠡᠮᠡᠯᠲᠡ ᠦᠢᠯᠡᠴᠢᠯᠡᠭᠡ ᠬᠠᠩᠭᠠᠵᠤ᠂ ᠵᠢᠯᠣᠭᠤᠴᠢ ᠶᠢᠨ ᠬᠠᠮᠲᠤᠯᠢᠭ ᠤᠨ ᠪᠣᠳᠠᠲᠠᠶ ᠬᠡᠷᠡᠭᠴᠡᠭᠡ ᠶᠢ ᠪᠥᠬᠦ ᠲᠠᠯ᠎ᠠ ᠪᠠᠷ ᠬᠠᠩᠭᠠᠵᠤ᠂ ᠲᠡᠳᠡᠨ ᠳᠤ ᠬᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠦᠨ᠎ᠡ᠃    ᠵᠦᠸᠧᠽᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠦᠨᠳᠦᠰᠦᠨ ᠱᠠᠲᠤᠨ ᠤ ᠬᠡᠯᠲᠡᠰ ᠤᠨ ᠳᠠᠷᠤᠭ᠎ᠠ ᠸᠧᠢ ᠿᠢ ᠨᠠ    ᠪᠢᠳᠡ ᠨᠡᠭᠦᠳᠡᠯ ᠰᠠᠯᠤᠩᠭᠢ ︽ᠰᠠᠭᠤᠷᠢ ᠠᠴᠠ ᠨᠢ ᠪᠠᠲᠤᠯᠠᠵᠤ︾ ᠡᠪᠯᠡᠯ ᠳᠤ ᠣᠷᠣᠵᠤ᠂ ᠠᠵᠢᠯᠴᠢᠨ ᠤ ᠡᠪᠯᠡᠯ ᠤᠨ ᠦᠷᠳᠡᠭᠡ᠂ ᠵᠢᠯᠣᠭᠤᠴᠢ ᠶᠢᠨ ᠭᠡᠷ ᠵᠡᠷᠭᠡ ᠳᠤ ᠲᠦᠰᠢᠭᠯᠡᠨ᠂ ᠪᠠᠷᠠᠭᠠᠨ ᠤ ᠲᠡᠷᠭᠡ ᠶᠢᠨ ᠵᠢᠯᠣᠭᠤᠴᠢ ᠶᠢ ᠥᠷᠭᠡᠨ ᠢᠶᠠᠷ ᠵᠣᠬᠢᠶᠠᠨ ᠪᠠᠶᠢᠭᠤᠯᠵᠤ ᠠᠵᠢᠯᠴᠢᠨ ᠤ ᠡᠪᠯᠡᠯ ᠳᠤ ᠣᠷᠣᠭᠤᠯᠵᠤ᠂ ᠣᠳᠣᠬᠠᠨ ᠳᠤ ᠪᠠᠷᠠᠭᠠᠨ ᠤ ᠲᠡᠷᠭᠡᠨ ᠵᠢᠯᠣᠭᠤᠴᠢ ᠨᠡᠶᠢᠭᠡᠮᠯᠢᠭ ᠤᠨ ᠶᠡᠷᠦᠩᠬᠡᠢ ᠬᠥᠮᠦᠨ ᠤ ᠲᠤᠭ᠎ᠠ 373 ᠪᠣᠯᠪᠠ᠃    ᠲᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠪᠠᠷᠠᠭᠠᠨ ᠤ ᠲᠡᠷᠭᠡ ᠶᠢᠨ ᠵᠢᠯᠣᠭᠤᠴᠢ ᠶᠢᠨ ᠲᠠᠰ ᠳᠠᠪᠬᠤᠷᠭ᠎ᠠ ᠳᠤ ᠨᠡᠶᠢᠴᠡᠬᠦ ᠪᠠᠲᠤᠯᠠᠭ᠎ᠠ ᠶᠢᠨ ᠲᠥᠰᠦᠯ ᠢ ᠭᠠᠷᠭᠠᠵᠤ᠂ ᠪᠠᠷᠠᠭᠠᠨ ᠤ ᠲᠡᠷᠭᠡ ᠶᠢᠨ ᠵᠢᠯᠣᠭᠤᠴᠢ ᠳᠤ ᠲᠤᠰᠬᠠᠶᠢᠵᠢᠭᠰᠠᠨ᠂ ᠨᠠᠷᠢᠯᠢᠭᠵᠢᠭᠰᠠᠨ᠂ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ︽ᠵᠢᠯᠣᠭᠤᠴᠢ ᠶᠢᠨ ᠭᠡᠷ︾ ᠢ ᠦᠨᠡᠨ ᠬᠦ ᠠᠷᠠᠳ ᠲᠤ ᠠᠰᠢᠭ ᠬᠦᠷᠲᠡᠭᠡᠬᠦ ᠳᠤᠯᠠᠭᠠᠨ ᠭᠠᠷᠠᠮ ᠪᠣᠯᠭᠠᠨ ᠪᠥᠲᠥᠭᠡᠨ ᠪᠠᠶᠢᠭᠤᠯᠤᠨ᠎ᠠ᠃    ᠵᠦᠸᠧᠽᠢ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠤᠨ ᠦᠨᠳᠦᠰᠦᠨ ᠱᠠᠲᠤᠨ ᠤ ᠬᠡᠯᠲᠡᠰ ᠤᠨ ᠳᠠᠷᠤᠭ᠎ᠠ ᠸᠧᠢ ᠿᠢ ᠨᠠ ᠶᠢᠨ ᠲᠠᠨᠢᠯᠴᠠᠭᠤᠯᠤᠭᠰᠠᠨ ᠢᠶᠠᠷ᠂ ᠪᠢᠳᠡ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠨᠢᠭᠡ ᠪᠦᠯᠦᠭ ᠪᠠᠷᠠᠭᠠᠨ ᠤ ᠲᠡᠷᠭᠡᠨ ᠵᠢᠯᠣᠭᠤᠴᠢ ᠳᠤ ᠬᠠᠨᠳᠤᠭᠤᠯᠤᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ᠂ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠠᠵᠢᠯ ᠲᠥᠷᠥᠯ ᠤᠨ ᠲᠤᠰᠬᠠᠢ ᠴᠢᠨᠠᠷᠲᠠᠢ ᠨᠡᠶᠢᠭᠡᠮᠯᠢᠭ ᠲᠤ ᠣᠷᠣᠭᠤᠯᠬᠤ ᠦᠢᠯᠡᠴᠢᠯᠡᠭᠡ ᠶᠢ ᠲᠥᠪᠯᠡᠷᠡᠭᠦᠯᠦᠨ ᠲᠥᠯᠥᠪᠯᠡᠵᠦ᠂ ᠡᠪᠯᠡᠯ ᠳᠤ ᠣᠷᠣᠬᠤ ᠲᠠᠲᠠᠬᠤ ᠬᠦᠴᠦᠨ ᠢ ᠨᠡᠮᠡᠭᠳᠡᠭᠦᠯᠦᠨ᠎ᠡ ᠭᠡᠪᠡ ᠃ ᠵᠠᠮ ᠬᠠᠷᠢᠯᠴᠠᠭᠠᠨ ᠤ ᠠᠳᠡᠯ ᠤᠨ ᠬᠥᠮᠦᠨ ᠤ ᠪᠡᠶ᠎ᠡ ᠶᠢᠨ ᠭᠡᠮᠲᠦᠯ ᠤᠨ ᠳᠠᠭᠠᠳᠬᠠᠯ᠂ ᠰᠦᠢᠳᠬᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠬᠦ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ᠂ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ᠂ ᠬᠠᠶᠢᠷ᠎ᠠ ᠬᠠᠯᠠᠮᠵᠢ ᠬᠦᠷᠭᠡᠬᠦ᠂ ᠰᠡᠷᠢᠭᠦᠨ ᠪᠣᠯᠭᠠᠬᠤ ᠵᠡᠷᠭᠡ ᠰᠢᠷᠢᠰ ᠦᠢᠯᠡᠴᠢᠯᠡᠭᠡ ᠬᠠᠩᠭᠠᠵᠤ᠂ ᠨᠡᠩ ᠤᠯᠠᠨ ᠪᠠᠷᠠᠭᠠᠨ ᠤ ᠲᠡᠷᠭᠡ ᠶᠢᠨ ᠵᠢᠯᠣᠭᠤᠴᠢ ᠵᠡᠷᠭᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠢ ᠲᠠᠲᠠᠵᠤ ᠬᠤᠷᠠᠯ ᠳᠤ ᠣᠷᠣᠭᠤᠯᠤᠨ᠎ᠠ᠃                                       ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2