ᠵᠦᠸᠧᠽᠢ ᠰᠢᠶᠠᠨ ᠤ ᠳ᠋ᠦᠩ ᠬᠤᠤ ᠯᠠᠢ ᠲᠣᠰᠬᠤᠨ᠄ ᠬᠢᠲᠠᠳ ᠡᠪᠡᠰᠦᠨ ᠡᠮ ᠳᠠᠷᠢᠬᠤ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠪᠠᠶᠠᠵᠢᠯ ᠤᠨ ᠰᠠᠶᠢᠨ ᠵᠣᠷ︾ ᠭᠠᠷᠭᠠᠵᠠᠢ
ᠨᠡᠶᠢᠲᠡᠯᠡᠭᠰᠡᠨ ᠴᠠᠭ᠄
2024/12/4
    ᠠᠵᠤ ᠦᠢᠯᠡᠰ ᠢ ᠮᠠᠨᠳᠤᠭᠤᠯᠵᠤ᠂ ᠨᠤᠲᠤᠭ ᠤᠨ ᠢᠷᠭᠡᠳ ᠢ ᠪᠠᠶᠠᠵᠢᠭᠤᠯᠤᠨ᠎ᠠ᠃ ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠯᠢ ᠬᠤᠸᠠ ᠪᠠᠯᠭᠠᠰᠤᠨ ᠤ ᠳ᠋ᠦᠩ ᠬᠤᠤ ᠯᠠᠢ ᠲᠣᠰᠬᠤᠨ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠵᠢᠩ ᠭᠠᠶᠢᠮᠤ᠂ ᠼᠠᠩ ᠱᠦᠢ᠂ ᠬᠠᠪᠲᠠᠰᠤᠨ ᠬᠥᠬᠡ ᠦᠨᠳᠦᠰᠦ ᠵᠡᠷᠭᠡ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠢ ᠶᠡᠬᠡᠪᠡᠷ ᠳᠡᠯᠭᠡᠷᠡᠭᠦᠯᠵᠦ᠂ ᠠᠵᠤ ᠦᠢᠯᠡᠰ ᠤᠨ ᠬᠥᠭᠵᠢᠯᠲᠡ ᠪᠠᠷ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ᠣᠶᠢᠷ᠎ᠠ ᠳᠤ᠂ ᠰᠤᠷᠪᠤᠯᠵᠢᠯᠠᠭᠴᠢ ᠵᠦᠸᠧᠽᠢ ᠰᠢᠶᠠᠨ ᠤ ᠼᠠᠩ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠢᠲᠠᠳ ᠡᠪᠡᠰᠦᠨ ᠡᠮ ᠳᠠᠷᠢᠬᠤ ᠰᠠᠭᠤᠷᠢᠨ ᠭᠠᠵᠠᠷ ᠲᠤ ᠬᠦᠷᠴᠦ᠂ ᠬᠥᠮᠦᠰ ᠤᠨ ᠵᠢᠷᠦᠬᠡ ᠳᠡᠯᠢᠭᠦᠦ ᠶᠢᠨ ᠡᠮ ᠤᠨ ᠦᠨᠦᠷ ᠬᠠᠩᠬᠤᠯᠵᠤ ᠢᠷᠡᠪᠡ︔ ᠬᠥᠬᠡ ᠮᠡᠰᠡ ᠵᠠᠰᠠᠯ ᠢ ᠬᠠᠳᠠᠭᠠᠵᠤ᠂ ᠰᠢᠯᠢᠬᠦ ᠪᠠ ᠬᠡᠰᠡᠭᠯᠡᠨ ᠠᠪᠴᠤ᠂ ᠲᠤᠬᠠᠶ ᠶᠢᠨ ᠲᠠᠯᠠᠪᠤᠷ ᠲᠤ ᠶᠠᠭᠠᠷᠠᠯᠳᠤᠵᠤ ᠪᠠᠶᠢᠭ᠎ᠠ ᠪᠠᠶᠢᠳᠠᠯ ᠢᠯᠡᠷᠡᠪᠡ᠃    ᠵᠦᠸᠧᠽᠢ ᠰᠢᠶᠠᠨ ᠤ ᠼᠠᠩ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠡᠮ ᠤᠨ ᠮᠠᠲ᠋ᠧᠷᠢᠶᠠᠯ ᠤᠨ ᠡᠭᠦᠯᠳᠡᠷ ᠢ ᠰᠣᠩᠭᠤᠨ ᠪᠤᠶᠢᠵᠢᠭᠤᠯᠬᠤ ᠪᠠ ᠴᠢᠬᠢ ᠪᠤᠶᠢᠵᠢᠭᠤᠯᠬᠤ᠂ ᠠᠮᠢ ᠠᠬᠤᠢ ᠶᠢᠨ ᠳᠠᠷᠢᠵᠤ ᠲᠡᠵᠢᠭᠡᠨ ᠦᠷᠡᠵᠢᠭᠦᠯᠬᠦ᠂ ᠬᠢᠲᠠᠳ ᠡᠮ ᠤᠨ ᠮᠠᠲ᠋ᠧᠷᠢᠶᠠᠯ ᠤᠨ ᠪᠦᠲᠦᠭᠡᠭᠳᠡᠬᠦᠨ ᠢ ᠰᠤᠳᠤᠯᠤᠨ ᠦᠢᠯᠡᠳᠬᠦ ᠪᠠ ᠨᠡᠭᠡᠭᠡᠨ ᠬᠥᠭᠵᠢᠭᠦᠯᠬᠦ᠂ ᠲᠠᠷᠢᠮᠠᠯ ᠤᠨ ᠮᠡᠷᠭᠡᠵᠢᠯ ᠢ ᠳᠡᠯᠭᠡᠷᠡᠭᠦᠯᠬᠦ ᠪᠠ ᠬᠠᠮᠲᠤᠷᠠᠯᠴᠠᠬᠤ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠤᠨ᠎ᠠ᠃ ᠺᠣᠮᠫᠠᠨᠢ ᠳᠡᠭᠡᠳᠦ ᠰᠢᠨ᠎ᠡ ᠮᠡᠷᠭᠡᠵᠢᠯ ᠢᠶᠠᠷ ᠡᠮ ᠤᠨ ᠤᠷᠭᠤᠮᠠᠯ ᠢ ᠦᠷᠡᠵᠢᠭᠦᠯᠦᠨ ᠪᠤᠶᠢᠵᠢᠭᠤᠯᠬᠤ ᠪᠠ ᠵᠢᠷᠤᠮᠵᠢᠭᠤᠯᠤᠭᠰᠠᠨ ᠪᠣᠬᠢᠷᠲᠤᠯ ᠥᠬᠡᠶ ᠲᠠᠷᠢᠮᠠᠯ᠂ ᠡᠳ᠋ᠰᠢᠭᠦᠯᠬᠦ ᠪᠠᠷ ᠣᠨᠴᠠᠯᠢᠭ ᠪᠣᠯᠭᠠᠵᠤ᠂ ︽ᠺᠣᠮᠫᠠᠨᠢ + ᠬᠤᠷᠰᠢᠶ᠎ᠠ + ᠡᠮ ᠤᠨ ᠲᠠᠷᠢᠶᠠᠴᠢᠳ︾ ᠤᠨ ᠦᠢᠯᠡᠳᠪᠦᠷᠢᠯᠡᠯ ᠤᠨ ᠵᠠᠭᠪᠤᠷ ᠢ ᠬᠡᠷᠡᠭᠯᠡᠨ᠂ ᠭᠤᠤᠯᠳᠠᠭᠤ ᠲᠦᠢᠪᠠᠩ᠂ ᠴᠢᠨ᠋ᠸ᠎ᠠ ᠶᠢᠨ ᠬᠠᠯᠲᠠᠷ᠂ ᠬᠠᠭᠠᠰ ᠵᠤᠨ᠂ ᠬᠠᠷᠪᠤᠨ ᠬᠠᠷᠪᠤᠬᠤ᠂ ᠢᠰᠬᠦᠯᠡᠩ ᠴᠢᠪᠠᠭ᠎ᠠ ᠵᠡᠷᠭᠡ 5 ᠲᠥᠷᠥᠯ ᠵᠦᠢᠯ ᠢ ᠳᠠᠷᠢᠵᠤ᠂ 300 ᠮᠥ ᠳᠠᠷᠢᠬᠤ ᠲᠠᠯᠠᠪᠠᠶ ᠭᠠᠷᠭᠠᠵᠠᠶ᠃ ᠤᠯᠠᠮᠵᠢᠯᠠᠯᠲᠤ ᠲᠠᠷᠢᠮᠠᠯ ᠯᠤᠭ᠎ᠠ ᠬᠠᠷᠢᠴᠠᠭᠤᠯᠪᠠᠯ᠂ ᠬᠢᠲᠠᠳ ᠡᠮ ᠤᠨ ᠮᠠᠲ᠋ᠧᠷᠢᠶᠠᠯ ᠨᠢ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ ᠮᠥᠷᠲᠡᠭᠡᠨ ᠬᠠᠮᠢᠶᠠᠷᠴᠤ ᠬᠠᠮᠠᠭᠠᠯᠠᠬᠤ᠂ ᠲᠡᠭᠦᠵᠦ ᠬᠤᠷᠢᠶᠠᠬᠤ ᠵᠡᠷᠭᠡ ᠲᠠᠷᠢᠶᠠᠯᠠᠩ ᠤᠨ ᠶᠠᠭᠠᠷᠠᠤ ᠬᠤᠭᠤᠴᠠᠭᠠᠨ ᠳᠤ ᠬᠦᠴᠦ ᠶᠠᠪᠤᠬᠤ ᠬᠡᠷᠡᠭᠴᠡᠭᠡ ᠨᠡᠯᠢᠶᠡᠳ ᠶᠡᠭᠡ ᠪᠠᠶᠢᠵᠤ᠂ ᠣᠶᠢᠷ᠎ᠠ ᠬᠠᠪᠢ ᠶᠢᠨ ᠲᠣᠰᠬᠤᠨ ᠤ ᠠᠷᠠᠳ ᠲᠤ ︽ᠭᠡᠷ ᠤᠨ ᠡᠭᠦᠳᠡ︾ ᠶᠢᠨ ᠠᠵᠢᠯ ᠣᠯᠬᠤ ᠲᠣᠬᠢᠶᠠᠯ ᠬᠠᠩᠭᠠᠭᠰᠠᠨ ᠪᠠᠶᠢᠨ᠎ᠠ᠃    ︽ᠠᠳᠡ ᠬᠥᠯᠥᠰᠥᠨ ᠠᠵᠢᠯ ᠬᠢᠵᠦ ᠪᠠᠶᠢᠭ᠎ᠠ ᠨᠢ ᠴᠥᠮ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠪᠣᠯᠤᠨ᠎ᠠ᠂ ᠵᠢᠯ ᠪᠦᠷᠢ ᠶᠢᠨ 3 ᠰᠠᠷ᠎ᠠ ᠠᠴᠠ ᠡᠬᠢᠯᠡᠨ ᠪᠢᠳᠡ ᠴᠢᠬᠢ ᠪᠤᠶᠢᠵᠢᠭᠤᠯᠬᠤ᠂ ᠡᠪᠡᠰᠦ ᠠᠷᠢᠯᠭᠠᠬᠤ ᠵᠡᠷᠭᠡ ᠠᠵᠢᠯ ᠢ ᠬᠢᠵᠦ᠂ ᠨᠢᠭᠡ ᠵᠢᠯ ᠳᠤ 3 ᠲᠦᠮᠡᠨ ᠲᠥᠭᠦᠷᠢᠭ ᠣᠷᠴᠢᠮ ᠣᠯᠳᠠᠭ ᠶᠤᠮ︾᠃ ᠵᠦᠸᠧᠽᠢ ᠰᠢᠶᠠᠨ ᠤ ᠯᠢ ᠬᠤᠸᠠ ᠪᠠᠯᠭᠠᠰᠤᠨ ᠤ ᠳ᠋ᠦᠩ ᠬᠤᠤ ᠯᠠᠢ ᠲᠣᠰᠬᠤᠨ ᠤ ᠠᠷᠠᠳ ᠴᠧᠨ ᠱᠤᠸᠠᠨ ᠵᠦ ᠪᠠᠶᠠᠷᠲᠠᠢ ᠪᠠᠷ ᠬᠡᠯᠡᠪᠡ᠃    ᠬᠢᠲᠠᠳ ᠡᠪᠡᠰᠦᠨ ᠡᠮ ᠳᠠᠷᠢᠬᠤ ᠨᠢ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠲᠤ ᠬᠥᠯᠥᠰᠥᠨ ᠠᠵᠢᠯ ᠬᠢᠬᠦ ᠰᠠᠶᠢᠨ ᠭᠠᠵᠠᠷ ᠣᠯᠭᠤᠭᠰᠠᠨ ᠢᠶᠠᠷ ᠪᠠᠷᠠᠬᠤ ᠥᠬᠡᠶ᠂ ᠲᠣᠰᠬᠤᠨ ᠤ ᠠᠷᠠᠳ ᠲᠤ ᠰᠤᠯᠠ ᠪᠠᠶᠢᠭ᠎ᠠ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ ᠲᠦᠷᠢᠶᠡᠰᠦᠨ ᠮᠥᠩᠭᠦ ᠣᠯᠭᠤᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠺᠣᠮᠫᠠᠨᠢ ᠵᠢᠯ ᠪᠦᠷᠢ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠭᠠᠵᠠᠷ ᠰᠢᠷᠣᠶ ᠲᠦᠷᠢᠶᠡᠰᠦᠯᠡᠭᠰᠡᠨ ᠣᠷᠣᠯᠭ᠎ᠠ ᠶᠢ 13 ᠲᠦᠮᠡᠨ ᠲᠥᠭᠦᠷᠢᠭ ᠣᠷᠴᠢᠮ ᠨᠡᠮᠡᠭᠳᠡᠭᠦᠯᠬᠦ ᠶᠢᠨ ᠬᠠᠮᠲᠤ ᠣᠶᠢᠷ᠎ᠠ ᠬᠠᠪᠢ ᠶᠢᠨ ᠦᠯᠡᠳᠡᠪᠦᠷᠢ ᠬᠥᠳᠡᠯᠮᠦᠷᠢ ᠬᠦᠴᠦᠨ ᠢ 30 ᠭᠠᠷᠤᠶ ᠬᠥᠮᠦᠨ ᠲᠣᠬᠢᠷᠠᠭᠤᠯᠵᠤ ᠪᠣᠯᠤᠨ᠎ᠠ᠃ ᠡᠭᠦᠨ ᠤ ᠬᠠᠮᠲᠤ᠂ ᠪᠠᠰᠠ ᠣᠶᠢᠷ᠎ᠠ ᠬᠠᠪᠢ ᠶᠢᠨ ᠲᠣᠰᠬᠤᠨ ᠪᠠᠯᠭᠠᠰᠤ ᠶᠢᠨ 1000 ᠰᠢᠬᠠᠮ ᠬᠥᠮᠦᠨ ᠢ ᠳᠠᠶᠢᠴᠢᠯᠠᠨ ᠬᠢᠲᠠᠳ ᠡᠪᠡᠰᠦᠨ ᠡᠮ ᠲᠠᠷᠢᠵᠤ᠂ ᠲᠣᠰᠬᠤᠨ ᠤ ᠠᠷᠠᠳ ᠲᠠᠢ ᠵᠠᠬᠢᠶᠠᠯᠠᠭ᠎ᠠ ᠶᠢᠨ ᠭᠡᠷ᠎ᠡ ᠲᠣᠭᠲᠠᠬᠤ ᠪᠠᠷ ᠳᠠᠮᠵᠢᠭᠤᠯᠤᠨ᠂ ᠲᠣᠰᠬᠤᠨ ᠤ ᠠᠷᠠᠳ ᠤᠨ ᠲᠠᠷᠢᠭᠰᠠᠨ ᠤᠯᠤᠰ ᠤᠨ ᠡᠮ ᠤᠨ ᠵᠣᠷ ᠤᠨ ᠪᠠᠷᠢᠮᠵᠢᠶ᠎ᠠ ᠳᠤ ᠨᠡᠶᠢᠴᠡᠬᠦ ᠬᠢᠲᠠᠳ ᠡᠮ ᠤᠨ ᠮᠠᠲ᠋ᠧᠷᠢᠶᠠᠯ ᠢ ᠪᠣᠯᠵᠣᠨ ᠲᠣᠭᠲᠠᠭᠰᠠᠨ ᠶᠣᠰᠣᠭᠠᠷ ᠬᠤᠳᠠᠯᠳᠤᠨ ᠠᠪᠴᠤ᠂ ᠲᠤᠬᠠᠶ ᠶᠢᠨ ᠭᠠᠵᠠᠷ ᠤᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠬᠦᠴᠦᠲᠡᠶ ᠳᠥᠯᠭᠢᠨ ᠠᠬᠢᠭᠤᠯᠪᠠ᠃    ︽ᠮᠠᠨ ᠤ ᠦᠢᠯᠡᠳᠬᠦᠨ ᠨᠢ ᠡᠮᠲᠦ ᠢᠳᠡᠭᠡᠨ ᠤ ᠠᠳᠠᠯᠢ ᠢᠷᠡᠯᠲᠡ ᠲᠠᠢ ᠪᠠᠶᠢᠵᠤ᠂ ᠨᠢᠭᠡ ᠬᠡᠰᠡᠭ ᠢ ᠨᠢ ᠡᠷᠡᠭᠦᠯᠵᠢᠯ ᠤᠨ ᠴᠠᠢ ᠪᠣᠯᠭᠠᠵᠤ᠂ ᠰᠦᠯᠵᠢᠶᠡᠨ ᠳᠡᠭᠡᠷ᠎ᠡ ᠪᠣᠷᠣᠯᠠᠭᠤᠯᠬᠤ ᠪᠠᠷ ᠳᠡᠮᠵᠢᠨ᠂ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ ᠨᠢ 10 ᠲᠦᠮᠡᠨ ᠲᠥᠭᠦᠷᠢᠭ ᠣᠷᠴᠢᠮ ᠪᠠᠶᠢᠪᠠ︾᠃ ᠵᠦᠸᠧᠽᠢ ᠰᠢᠶᠠᠨ ᠤ ᠼᠠᠩ ᠾᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠦ ᠵᠢᠩ ᠤᠨ ᠲᠠᠨᠢᠯᠴᠠᠭᠤᠯᠤᠭᠰᠠᠨ ᠢᠶᠠᠷ᠂ ᠵᠢᠯ ᠪᠦᠷᠢ ᠲᠤᠬᠠᠶ ᠶᠢᠨ ᠭᠠᠵᠠᠷ ᠤᠨ ᠲᠣᠰᠬᠤᠨ ᠤ ᠠᠷᠠᠳ ᠤᠨ ᠲᠠᠷᠢᠭᠰᠠᠨ ᠡᠮ ᠤᠨ ᠮᠠᠲ᠋ᠧᠷᠢᠶᠠᠯ ᠢ ᠬᠤᠳᠠᠯᠳᠤᠨ ᠠᠪᠬᠤ ᠬᠡᠮᠵᠢᠶ᠎ᠡ 300 ᠲᠣᠨ ᠠᠴᠠ 500 ᠲᠣᠨ ᠤ ᠬᠤᠭᠤᠷᠣᠨᠳᠣ ᠪᠠᠶᠢᠨ᠎ᠠ᠃ ᠡᠮ ᠤᠨ ᠮᠠᠲ᠋ᠧᠷᠢᠶᠠᠯ ᠢ ᠤᠰᠤ ᠪᠠᠷ ᠤᠬᠢᠶᠠᠬᠤ᠂ ᠬᠡᠷᠴᠢᠬᠦ᠂ ᠰᠢᠭᠰᠢᠨ ᠪᠠᠶᠢᠴᠠᠭᠠᠬᠤ ᠵᠡᠷᠭᠡ ᠡᠳ᠋ᠰᠢᠭᠦᠯᠬᠦ ᠭᠤᠭᠴᠤᠭ᠎ᠠ ᠪᠠᠷ ᠳᠡᠮᠵᠢᠨ᠂ ᠪᠣᠷᠣᠯᠠᠭᠤᠯᠤᠯᠲᠠ ᠶᠢᠨ ᠠᠰᠢᠭ ᠬᠤᠨᠵᠢᠪᠣᠷᠢ ᠶᠢᠨ ᠨᠣᠷᠮ᠎ᠠ ᠨᠢ 10% - 15% ᠶᠢᠨ ᠬᠤᠭᠤᠷᠣᠨᠳᠣ ᠪᠠᠶᠢᠳᠠᠭ᠃    ᠬᠢᠲᠠᠳ ᠡᠪᠡᠰᠦᠨ ᠡᠮ ᠤᠨ ᠲᠠᠷᠢᠮᠠᠯ ᠳᠤ ᠰᠠᠭᠤᠷᠢᠯᠠᠨ᠂ ᠲᠠᠷᠢᠮᠠᠯ ᠤᠨ ᠲᠤᠮᠤ ᠡᠷᠦᠬᠡ ᠶᠢ ᠳᠠᠶᠢᠴᠢᠯᠠᠬᠤ ᠪᠠᠷ ᠳᠠᠮᠵᠢᠭᠤᠯᠤᠨ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠠ ᠦᠭᠡᠢ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠳᠡᠭ ᠪᠣᠯᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠵᠦᠸᠧᠽᠢ ᠰᠢᠶᠠᠨ ᠤ ᠯᠢ ᠬᠤᠸᠠ ᠪᠠᠯᠭᠠᠰᠤᠨ ᠳᠤ ︽ᠪᠠᠶᠠᠵᠢᠯ ᠤᠨ ᠰᠠᠶᠢᠨ ᠵᠣᠷ︾ ᠭᠠᠷᠭᠠᠵᠤ᠂ ᠲᠣᠰᠬᠤᠨ ᠤ ᠠᠷᠠᠳ ᠤᠨ ︽ᠵᠣᠭᠤᠰᠣᠨ ᠤᠭᠤᠲᠠ︾ ᠶᠢ ᠬᠥᠭᠵᠢᠭᠡᠵᠦ᠂ ᠤᠨᠴᠠᠯᠢᠬᠳᠤ ᠠᠵᠤ ᠦᠢᠯᠡᠰ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠰᠢᠨ᠎ᠡ ᠬᠥᠳᠡᠯᠭᠡᠭᠦᠷ︾ ᠪᠣᠯᠭᠠᠪᠠ᠃                                      ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2