ᠵᠦᠸᠧᠽᠢ ᠰᠢᠶᠠᠨ᠄ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠬᠠᠪᠰᠤᠷᠤᠨ ᠭᠦᠢᠴᠡᠳᠬᠡᠭᠴᠢ ᠤᠯᠠᠨ ᠲᠦᠮᠡᠨ ᠤ ᠰᠡᠳᠬᠢᠯ ᠳᠤ ᠬᠦᠷᠴᠡᠢ
ᠨᠡᠶᠢᠲᠡᠯᠡᠭᠰᠡᠨ ᠴᠠᠭ᠄
2024/12/4
    ᠡᠨᠡ ᠵᠢᠯ ᠠᠴᠠ ᠨᠠᠰᠢ᠂ ᠵᠦᠸᠧᠽᠢ ᠰᠢᠶᠠᠨ ᠠᠷᠠᠳ ᠲᠦᠮᠡᠨ ᠳᠤ ᠦᠢᠯᠡᠴᠢᠯᠡᠬᠦ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠠᠵᠢᠯ ᠤᠨ ᠵᠠᠭᠪᠤᠷ ᠢ ᠠᠪᠴᠤ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷᠴᠤᠳ ᠢ ᠵᠣᠬᠢᠶᠠᠨ ᠪᠠᠶᠢᠭᠤᠯᠤᠨ ᠳᠠᠭᠠᠳᠬᠠᠯ ᠳᠤ ᠣᠷᠣᠬᠤ ᠨᠥᠬᠦᠴᠡᠯ ᠳᠤ ᠨᠡᠶᠢᠴᠡᠬᠦ ᠪᠣᠯᠪᠠᠴᠤ ᠬᠥᠳᠡᠯᠵᠦ ᠪᠠᠷᠢᠬᠤ ᠳᠤ ᠳᠥᠭᠦᠮ ᠦᠭᠡᠢ ᠪᠤᠶᠤ ᠣᠶᠤᠨᠯᠢᠭ ᠭᠠᠷ ᠤᠲᠠᠰᠤ ᠬᠡᠷᠡᠭᠵᠢᠭᠦᠯᠵᠦ ᠴᠢᠳᠠᠬᠤ ᠦᠭᠡᠢ ᠬᠥᠮᠦᠰ ᠲᠤ ᠡᠮ ᠡᠮᠨᠡᠯᠭᠡ ᠶᠢᠨ ᠳᠠᠭᠠᠳᠬᠠᠯ ᠤᠨ ᠳᠠᠩᠰᠠᠯᠠᠯᠲᠠ᠂ ᠰᠦᠢᠳᠬᠡᠯ ᠲᠤᠰᠢᠶᠠᠬᠤ ᠭᠠᠷ ᠭᠦᠢᠴᠡᠳᠬᠡᠯ ᠬᠢᠯᠭᠡᠵᠦ᠂ ᠤᠯᠠᠨ ᠲᠦᠮᠡᠨ ᠳᠤ ︽ᠬᠠᠮᠤᠭ ᠤᠨ ᠤᠯᠠᠨ ᠳᠠᠭᠠᠨ ᠨᠢᠭᠡ ᠤᠳᠠᠭ᠎ᠠ ᠭᠦᠶᠦᠬᠦ︾ ᠪᠠᠶᠢᠭᠰᠠᠨ ᠠᠴᠠ ᠪᠠᠨ ︽ᠨᠢᠭᠡ ᠤᠳᠠᠭ᠎ᠠ ᠭᠦᠶᠦᠬᠦ︾ ᠠᠷᠠᠳ ᠲᠤ ᠠᠰᠢᠭ ᠬᠦᠷᠲᠡᠭᠡᠬᠦ ᠠᠰᠠᠷᠠᠮᠵᠢ ᠶᠢ ᠦᠨᠡᠨᠬᠦ ᠬᠦᠷᠲᠡᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠳᠤᠴᠠ ᠶᠢ ᠲᠦᠷᠭᠡᠳᠬᠡᠬᠦ ᠪᠠᠷ ᠠᠷᠠᠳ ᠲᠦᠮᠡᠨ ᠳᠤ ᠦᠢᠯᠡᠴᠢᠯᠡᠬᠦ ᠬᠠᠯᠠᠭᠤᠨ ᠳᠤᠯᠠᠭᠠᠨ ᠢ ᠢᠯᠡᠷᠡᠭᠦᠯᠪᠡ᠃    ᠵᠦᠸᠧᠽᠢ ᠱᠠᠨ ᠪᠠᠯᠭᠠᠰᠤᠨ ᠤ ᠡᠤ ᠰᠢᠩ ᠲᠣᠰᠬᠤᠨ ᠳᠤ᠂ ᠠᠵᠢᠯᠲᠠᠳ ᠨᠢᠭᠡ ᠳᠤ ᠨᠢᠭᠡ ᠶᠢ ᠨᠢᠭᠡ ᠳᠤ ᠨᠢᠭᠡ ᠶᠢ ᠬᠠᠪᠰᠣᠷᠴᠤ ᠣᠶᠤᠨᠴᠢ ᠭᠠᠷ ᠤᠲᠠᠰᠤ ᠬᠡᠷᠡᠭᠵᠢᠭᠦᠯᠵᠦ ᠴᠢᠳᠠᠬᠤ ᠦᠭᠡᠢ ᠲᠣᠰᠬᠤᠨ ᠤ ᠠᠷᠠᠳ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠᠯᠠᠯᠲᠠ᠂ ᠰᠦᠢᠳᠬᠡᠯ ᠲᠤᠰᠢᠶᠠᠬᠤ ᠭᠠᠷ ᠭᠦᠢᠴᠡᠳᠬᠡᠯ ᠬᠢᠯᠭᠡᠬᠦ ᠶᠢᠨ ᠬᠠᠮᠲᠤ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠲᠦᠷᠦ ᠶᠢᠨ ᠪᠤᠳᠤᠯᠭ᠎ᠠ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠᠷᠢᠮᠵᠢᠶ᠎ᠠ ᠵᠢᠴᠢ ᠳᠠᠭᠠᠳᠬᠠᠯ ᠳᠤ ᠣᠷᠣᠯᠴᠠᠬᠤ ᠴᠠᠭ ᠵᠡᠷᠭᠡ ᠶᠢ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠵᠤ᠂ ᠲᠣᠰᠬᠤᠨ ᠤ ᠠᠷᠠᠳ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠰᠢᠢᠳᠪᠦᠷᠢᠯᠡᠵᠦ ᠥᠭᠪᠡ᠃    ᠵᠦᠸᠧᠽᠢ ᠱᠠᠨ ᠪᠠᠯᠭᠠᠰᠤᠨ ᠤ ᠡᠤ ᠰᠢᠩ ᠲᠣᠰᠬᠤᠨ ᠤ ᠨᠠᠮ ᠤᠨ ᠡᠭᠦᠷ ᠤᠨ ᠱᠦᠵᠢ ᠴᠧᠨ ᠰᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠣᠰᠬᠤᠨ ᠤ ᠨᠠᠰᠤᠵᠢᠯᠲᠠ ᠶᠢᠨ ᠠᠰᠠᠭᠤᠳᠠᠯ ᠡᠳᠦᠷ ᠢᠷᠡᠬᠦᠶ᠎ᠡ ᠲᠣᠪᠤᠶᠢᠮ᠎ᠠ ᠪᠣᠯᠬᠤ ᠶᠢ ᠳᠠᠭᠠᠯᠳᠤᠨ᠂ ᠡᠪᠡᠳᠴᠢᠨ ᠦᠵᠡᠭᠦᠯᠵᠦ ᠡᠮᠨᠡᠭᠦᠯᠬᠦ ᠨᠢ ᠲᠣᠰᠬᠤᠨ ᠤ ᠠᠷᠠᠳ ᠤᠨ ᠲᠡᠷᠢᠭᠦᠨ ᠴᠢᠬᠤᠯᠠ ᠶᠠᠪᠤᠳᠠᠯ ᠪᠣᠯᠵᠣ᠂ ᠡᠮ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠣᠷᠣᠯᠠᠨ ᠲᠤᠰᠢᠶᠠᠬᠤ ᠠᠵᠢᠯ ᠢ ᠰᠠᠶᠢᠲᠤᠷ ᠬᠢᠬᠦ ᠨᠢ ᠨᠠᠩ ᠴᠢᠬᠤᠯᠠ ᠶᠤᠮ ᠭᠡᠵᠡᠶ᠃ ᠲᠣᠰᠬᠤᠨ ᠤ ᠠᠷᠠᠳ ᠤᠨ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠲᠣᠰ ᠲᠣᠰᠬᠤᠨ ᠨᠢᠭᠡ ᠳᠤ ᠨᠢᠭᠡ ᠶᠢ ᠬᠠᠷᠭᠤᠭᠤᠯᠬᠤ ᠠᠷᠭ᠎ᠠ ᠮᠠᠶ᠋ᠢᠭ ᠢᠶᠠᠷ ᠣᠯᠠᠨ ᠲᠦᠮᠡᠨ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠢ ᠣᠷᠣᠯᠠᠨ ᠲᠤᠰᠢᠶᠠᠵᠤ᠂ ᠢᠯᠠᠩᠭᠤᠶ᠎ᠠ ᠬᠥᠯ ᠨᠢ ᠳᠥᠭᠦᠮ ᠦᠭᠡᠢ ᠲᠣᠰᠬᠤᠨ ᠤ ᠠᠷᠠᠳ ᠲᠤ ᠴᠢᠭᠯᠡᠭᠦᠯᠦᠨ᠂ ᠬᠡᠷ ᠲᠤᠨᠢ ᠬᠦᠷᠴᠦ ᠣᠷᠣᠯᠠᠨ ᠲᠤᠰᠢᠶᠠᠬᠤ ᠦᠢᠯᠡᠴᠢᠯᠡᠭᠡ ᠠᠪᠴᠤ᠂ ᠬᠤᠷᠰᠢᠭᠰᠠᠨ ᠡᠮᠨᠡᠯᠭᠡ ᠶᠢᠨ ᠡᠷᠦᠬᠡ ᠶᠢ ᠣᠷᠬᠢᠭᠳᠠᠭᠤᠯᠬᠤ ᠦᠭᠡᠢ᠂ ᠬᠥᠮᠦᠨ ᠢ ᠣᠷᠬᠢᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ᠃    ᠡᠮ ᠡᠮᠨᠡᠯᠭᠡ ᠶᠢᠨ ᠳᠠᠭᠠᠳᠭᠠᠯ ᠪᠠᠭ᠎ᠠ ᠪᠡᠯᠡ ᠣᠷᠣᠭᠤᠯᠤᠯᠲᠠ ᠠᠷᠠᠳ ᠤᠨ ᠠᠮᠢᠳᠤᠷᠠᠯ ᠤᠨ ᠶᠡᠭᠡ ᠪᠠᠲᠤᠯᠠᠭ᠎ᠠ᠃ ᠵᠦᠸᠧᠽᠢ ᠰᠢᠶᠠᠨ ᠤ ᠬᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠵᠤ᠂ ᠠᠷᠠᠳ ᠲᠦᠮᠡᠨ ᠳᠤ ᠦᠢᠯᠡᠴᠢᠯᠡᠬᠦ ᠤᠬᠠᠮᠰᠠᠷ ᠪᠠ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠷᠠᠳ ᠣᠯᠠᠨ ᠳᠤ ᠬᠦᠷᠭᠡᠵᠦ᠂ ᠰᠠᠭᠤᠭᠠᠯᠢ ᠠᠷᠠᠳ ᠤᠨ ᠭᠠᠷ ᠲᠤ ᠬᠦᠷᠭᠡᠵᠦ᠂ ᠳᠠᠭᠠᠳᠬᠠᠯ ᠳᠤ ᠣᠷᠣᠯᠴᠠᠭᠰᠠᠳ ᠢ ᠦᠨᠡᠨ ᠬᠦ ᠦᠵᠡᠵᠦ᠂ ᠣᠶᠢᠯᠠᠭᠠᠵᠤ᠂ ᠪᠦᠲᠦᠭᠡᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠤᠨ᠎ᠠ᠃                                       ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2