ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠥᠩᠭᠡ ᠦᠵᠡᠮᠵᠢ ᠶᠢᠨ ᠡᠬᠢ ᠪᠠᠶᠠᠯᠢᠭ ᠡᠯᠪᠡᠭ ᠪᠠᠶᠢᠳᠠᠭ | ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠪᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠣᠷᠣᠨ ᠰᠠᠭᠤᠴᠠ᠂ ᠰᠤᠯᠠ ᠪᠠᠶᠢᠭ᠎ᠠ ᠭᠠᠵᠠᠷ ᠵᠡᠷᠭᠡ ᠡᠬᠢ | ᠪᠠᠶᠠᠯᠢᠭ ᠢ ᠠᠰᠢᠭᠯᠠᠵᠤ᠂ ᠭᠡᠷᠡᠯ ᠴᠡᠨᠡᠭ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠲᠣᠰᠬᠤᠨ ᠢ | ᠬᠦᠴᠦᠷᠬᠡᠭᠵᠢᠭᠦᠯᠵᠦ ᠠᠷᠠᠳ ᠢ ᠪᠠᠶᠠᠵᠢᠭᠤᠯᠬᠤ ︽ᠨᠠᠷᠠᠨ ᠭᠡᠷᠡᠯᠲᠦ ᠪᠠᠩᠬᠢ︾ ᠶᠢ ᠪᠠᠶᠢᠭᠤᠯᠤᠨ᠎ᠠ᠃ | ᠣᠶᠢᠷ᠎ᠠ ᠳᠤ᠂ ᠵᠦᠸᠧᠽᠢ ᠰᠢᠶᠠᠨ ᠤ ᠵᠦᠸᠧᠽᠢ ᠱᠠᠨ ᠪᠠᠯᠭᠠᠰᠤᠨ ᠤ ᠾᠧ ᠫᠢᠩ ᠲᠣᠰᠬᠤᠨ ᠤ ᠰᠢ ᠯᠢᠶᠠᠨ | ᠵᠢᠶᠠᠨ ᠴᠠᠬᠢᠯᠭᠠᠨ ᠥᠷᠲᠡᠭᠡ ︵5000 KW︶ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠣᠭᠤᠷᠢᠭ ᠲᠤ | ᠨᠢᠭᠡ ᠮᠥᠷ ᠲᠡᠷᠢ ᠲᠡᠭᠰᠢ ᠬᠡᠷᠡᠯ ᠴᠡᠨᠡᠭ ᠤᠨ ᠬᠠᠪᠲᠠᠰᠤ ᠬᠥᠬᠡ ᠣᠭᠲᠠᠷᠭᠤᠶ ᠶᠢᠨ ᠲᠤᠰᠬᠠᠯ ᠳᠣᠤᠷ᠎ᠠ ᠶᠠᠭ ︽ᠨᠡᠷᠡᠨ | ᠭᠡᠷᠡᠯᠲᠦ ᠤᠬᠢᠶᠠᠯ︾ ᠢ ᠡᠳ᠋ᠯᠡᠵᠦ ᠪᠠᠶᠢᠨ᠎ᠠ᠂ ᠬᠡᠷᠡᠯ ᠡᠨᠧᠷᠭᠢ ᠶᠢᠨ ᠢᠷᠡᠯᠲᠡ ᠶᠢ ᠲᠠᠰᠤᠷᠠᠯᠲᠠ ᠥᠬᠡᠶ ᠴᠠᠬᠢᠯᠭᠠᠨ | ᠡᠨᠧᠷᠭᠢ ᠪᠣᠯᠭᠠᠨ ᠬᠤᠪᠢᠷᠠᠭᠤᠯᠵᠤ᠂ ︽ᠹᠦ᠋︾ ᠶᠢᠨ ᠠᠰᠢᠭ ᠬᠤᠷᠠᠮᠳᠤᠭᠤᠯᠵᠤ ᠪᠠᠶᠢᠨ᠎ᠠ᠃ ᠰᠦᠷᠯᠢᠭ ᠰᠠᠶᠢᠬᠠᠨ | ᠦᠵᠡᠮᠵᠢ ᠨᠢ ᠡᠨᠡ ᠬᠡᠰᠡᠭ ᠭᠠᠵᠠᠷ ᠰᠢᠷᠣᠢ ᠳᠤ ᠬᠡᠳᠦᠨ ᠬᠤᠪᠢ ᠨᠡᠮᠡᠵᠡᠢ᠃ | ᠵᠦᠸᠧᠽᠢ ᠰᠢᠶᠠᠨ ᠳᠤᠮᠳᠠᠴᠢ ᠪᠠᠷ ᠳᠠᠯᠠᠢ ᠶᠢᠨ ᠲᠦᠪᠰᠢᠨ ᠠᠴᠠ 1700 ᠮᠧᠳ᠋ᠷ ᠡᠷᠭᠦᠭᠳᠡᠵᠦ᠂ ᠵᠢᠯ ᠪᠦᠷᠢ ᠶᠢᠨ | ᠳᠤᠮᠳᠠᠴᠢ ᠨᠡᠷᠡᠨ ᠤ ᠲᠤᠰᠤᠯᠲᠠ 2900 ᠴᠠᠭ ᠪᠠᠶᠢᠵᠤ᠂ ᠪᠦᠬᠦ ᠤᠯᠤᠰ ᠤᠨ ᠨᠡᠷᠡᠨ ᠤ ᠲᠤᠰᠤᠯᠲᠠ ᠶᠢᠨ ᠥᠨᠳᠥᠷ | ᠬᠡᠮᠵᠢᠭᠳᠡᠯ ᠳᠤ ᠬᠠᠷᠢᠶᠠᠯᠠᠭᠳᠠᠵᠤ᠂ ᠭᠡᠷᠡᠯ ᠴᠡᠨᠡᠭ ᠤᠨ ᠡᠬᠢ ᠪᠠᠶᠠᠯᠢᠭ ᠥᠪᠡᠷᠮᠢᠴᠡ ᠪᠠᠶᠢᠳᠠᠭ᠃ 2018 ᠣᠨ ᠠᠴᠠ | ᠨᠠᠰᠢ᠂ ᠵᠦᠸᠧᠽᠢ ᠰᠢᠶᠠᠨ ᠭᠠᠵᠠᠷ ᠤᠨ ᠭᠠᠳᠠᠷᠭᠤ ᠶᠢᠨ ᠳᠠᠪᠠᠭᠤᠯᠢᠭ ᠵᠢᠴᠢ ᠭᠡᠷᠡᠯ ᠤᠨ ᠲᠤᠰᠤᠯᠲᠠ ᠭᠦᠢᠴᠡᠳ ᠵᠡᠷᠭᠡ | ᠣᠨᠴᠠᠯᠢᠭ ᠲᠠᠭᠠᠨ ᠲᠦᠰᠢᠭᠯᠡᠨ᠂ ᠪᠦᠬᠦ ᠰᠢᠶᠠᠨ ᠤ 8 ᠰᠢᠶᠠᠩ ᠪᠠᠯᠭᠠᠰᠤᠨ ᠤ 64 ᠲᠣᠰᠬᠤᠨ ᠳᠤ ᠭᠡᠷᠡᠯ ᠴᠡᠨᠡᠭ ᠤᠨ | ᠬᠤᠯᠪᠣᠭᠠᠯᠠᠨ ᠪᠠᠶᠢᠭᠤᠯᠬᠤ ᠴᠠᠬᠢᠯᠭᠠᠨ ᠥᠷᠲᠡᠭᠡ 6᠂ ᠲᠠᠷᠬᠠᠮᠠᠯ ᠲᠣᠰᠬᠤᠨ ᠤ ᠲᠡᠰ ᠤᠨ ᠴᠠᠬᠢᠯᠭᠠᠨ ᠥᠷᠲᠡᠭᠡ 13 | ᠪᠠᠶᠢᠭᠤᠯᠵᠤ᠂ ᠶᠡᠷᠦᠩᠬᠡᠢ ᠬᠡᠪᠴᠢᠶ᠎ᠡ ᠨᠢ 30940 ᠺᠢᠯᠣᠸᠠᠲ ᠬᠦᠷᠪᠡ᠃ ᠲᠥᠷᠥᠯ ᠵᠦᠢᠯ ᠢ ᠬᠤᠶᠠᠷ ᠪᠦᠯᠦᠭ | ᠬᠤᠪᠢᠶᠠᠨ ᠪᠠᠶᠢᠭᠤᠯᠵᠤ᠂ ᠤᠷᠢᠳᠠᠪᠠᠷ 2019 ᠣᠨ ᠤ 5 ᠰᠠᠷ᠎ᠠ᠂ 12 ᠰᠠᠷ᠎ᠠ ᠳᠤ ᠲᠣᠤᠷ ᠲᠤ ᠨᠡᠶᠢᠯᠡᠭᠦᠯᠦᠨ | ᠴᠠᠬᠢᠯᠭᠠᠨ ᠭᠠᠷᠭᠠᠪᠠ᠃ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠨᠢ | ᠡᠯ᠎ᠡ ᠲᠣᠰᠬᠤᠨ ᠳᠤ ᠨᠢᠭᠡᠨ ︽ᠨᠡᠷᠡᠨ ᠡᠨᠧᠷᠭᠢ ᠶᠢᠨ ᠬᠠᠳᠠᠭᠠᠯᠠᠮᠵᠢ ᠶᠢᠨ ᠳᠡᠪᠲᠡᠷ︾ ᠬᠦᠷᠭᠡᠭᠰᠡᠨ ᠲᠠᠢ ᠲᠡᠩᠴᠡᠨ᠎ᠡ᠂ | ᠡᠨᠡ ᠨᠢ 5285 ᠲᠣᠰᠬᠤᠨ ᠤ ᠠᠷᠠᠳ ᠢ ︽ᠨᠡᠷᠡᠨ ᠤ ᠭᠡᠷᠡᠯ ᠤᠨ ᠠᠰᠢᠭ ᠣᠷᠣᠯᠭ᠎ᠠ︾ ᠲᠠᠢ ᠪᠣᠯᠭᠠᠵᠠᠶ᠃ | ᠵᠦᠸᠧᠽᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠾᠧ ᠫᠢᠩ ᠲᠣᠰᠬᠤᠨ ᠳᠤ ᠰᠠᠭᠤᠭ᠎ᠠ | ᠨᠢᠭᠡᠳᠦᠭᠡᠷ ᠱᠦᠵᠢ ᠰᠢᠤᠢ ᠭᠦᠸᠧ ᠳ᠋ᠦᠩ ᠲᠠᠨᠢᠯᠴᠠᠭᠤᠯᠬᠤ ᠳᠠᠭᠠᠨ᠂ ᠾᠧ ᠫᠢᠩ ᠲᠣᠰᠬᠤᠨ ᠪᠣᠯ ᠰᠢᠶᠠᠨ ᠤ | ᠠᠩᠬᠠᠳᠠᠭᠴᠢ ᠪᠦᠯᠦᠭ ᠭᠡᠷᠡᠯ ᠴᠡᠨᠡᠭ ᠤᠨ ᠲᠣᠣᠷ ᠨᠡᠶᠢᠯᠡᠭᠦᠯᠦᠨ ᠴᠠᠬᠢᠯᠭᠠᠨ ᠭᠠᠷᠭᠠᠭᠰᠠᠨ ᠤ ᠠᠰᠢᠭ ᠬᠦᠷᠲᠡᠬᠦ | ᠲᠣᠰᠬᠤᠨ ᠪᠣᠯᠤᠨ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 80 ᠭᠠᠷᠤᠢ ᠲᠦᠮᠡᠨ ᠺᠢᠯᠣᠸᠠᠲ ᠴᠠᠭ ᠲᠤ | ᠬᠦᠷᠴᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 40 ᠲᠦᠮᠡᠨ ᠲᠥᠭᠦᠷᠢᠭ ᠣᠷᠴᠢᠮ | ᠨᠡᠮᠡᠭᠳᠡᠭᠦᠯᠵᠦ ᠪᠣᠯᠤᠨ᠎ᠠ᠃ ᠡᠨᠡ ᠵᠢᠯ ᠠᠴᠠ ᠨᠠᠰᠢ᠂ ᠲᠣᠰᠬᠤᠨ ᠤ ᠬᠠᠮᠲᠤ ᠨᠡᠶᠢᠲᠡ ᠳᠤ ᠨᠢᠭᠡᠨᠲᠡ 34600 | ᠲᠥᠭᠦᠷᠢᠭ ᠤᠨ ᠣᠷᠣᠯᠭ᠎ᠠ ᠶᠢ ᠠᠪᠴᠢᠷᠠᠵᠤ᠂ ᠠᠰᠢᠭ ᠣᠷᠣᠯᠭ᠎ᠠ ᠶᠢ ᠭᠤᠤᠯᠳᠠᠭᠤ ᠲᠣᠰᠬᠤᠨ ᠤ ᠳᠣᠲᠣᠷᠠᠬᠢ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯᠲᠠᠨ ᠤ ᠴᠠᠯᠢᠩ ᠪᠠ ᠲᠣᠰᠬᠤᠨ ᠤ | ᠳᠣᠲᠣᠷᠠᠬᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠴᠢ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠵᠠᠷᠤᠯᠭ᠎ᠠ ᠳᠤ ᠬᠡᠷᠡᠭᠯᠡᠨ᠎ᠡ᠃ | ᠭᠡᠷᠡᠯ ᠸᠣᠯᠲ ᠤᠨ ᠠᠵᠤ ᠦᠢᠯᠡᠰ ᠣᠷᠣᠯᠭ᠎ᠠ ᠪᠠᠨ ᠨᠡᠮᠡᠭᠳᠡᠭᠦᠯᠵᠦ ᠬᠥᠳᠡᠭᠡ ᠲᠣᠰᠭᠤᠨ ᠢ ᠬᠥᠭᠵᠢᠭᠦᠯᠦᠨ | ᠮᠠᠨᠳᠤᠭᠤᠯᠬᠤ ᠵᠠᠮ ᠢ ᠭᠡᠷᠡᠯᠲᠦᠭᠦᠯ ᠦᠨ᠎ᠡ᠃ ᠵᠦᠸᠧᠽᠢ ᠰᠢᠶᠠᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ | ᠵᠦᠢᠯ ᠢ ᠣᠨᠢᠯᠠᠵᠤ᠂ ᠭᠤᠪᠢ ᠶᠢᠨ ᠠᠲᠠᠷ ᠲᠠᠩ ᠤᠨ ᠰᠤᠯᠠ ᠪᠠᠶᠢᠬᠤ ᠡᠬᠢ ᠪᠠᠶᠠᠯᠢᠭ ᠢ ᠪᠦᠲᠦᠮᠵᠢᠲᠡᠶ ᠠᠮᠢᠯᠠᠭᠤᠯᠵᠤ᠂ | ︽ᠬᠡᠷᠡᠯ ᠴᠡᠨᠡᠭ ᠢᠶᠠᠷ ᠣᠷᠣᠯᠭ᠎ᠠ ᠪᠠᠨ ᠨᠡᠮᠡᠭᠳᠡᠭᠦᠯᠵᠦ᠂ ᠥᠪᠡᠰᠦᠪᠡᠨ ᠴᠢᠰᠤ ᠪᠦᠲᠦᠭᠡᠬᠦ︾ ᠬᠥᠭᠵᠢᠯᠲᠡ ᠶᠢᠨ | ᠵᠠᠭᠪᠤᠷ ᠢᠶᠠᠷ ᠲᠣᠰᠬᠤᠨ ᠤ ᠬᠠᠮᠲᠤ ᠶᠢᠨ ᠠᠵᠤ ᠠᠬᠤᠶ ᠳᠤ ︽ᠰᠢᠨ᠎ᠡ ᠬᠥᠳᠡᠯᠭᠡᠭᠦᠷ︾ ᠢ ᠤᠭᠰᠠᠷᠠᠪᠠ᠃ | ᠲᠣᠰᠬᠤᠨ ᠤ ᠲᠠᠰ ᠤᠨ ᠴᠠᠬᠢᠯᠭᠠᠨ ᠥᠷᠲᠡᠭᠡ ᠶᠢᠨ ᠥᠪᠡᠰᠦᠪᠡᠨ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠨᠢ | ᠡᠨᠡ ᠵᠢᠯ ᠤᠨ 9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠰᠢᠶᠠᠨ ᠢᠶᠠᠷ ᠢᠶᠠᠨ ᠨᠡᠶᠢᠲᠡ 26896.43 ᠲᠦᠮᠡᠨ | ᠺᠢᠯᠣᠸᠠᠲ ᠴᠠᠭ ᠴᠠᠬᠢᠯᠭᠠᠨ ᠭᠠᠷᠭᠠᠵᠤ᠂ ᠬᠡᠷᠡᠯ ᠴᠡᠨᠡᠭ ᠤᠨ ᠠᠰᠢᠭ ᠣᠷᠣᠯᠭ᠎ᠠ ᠶᠢᠨ ᠪᠠᠯᠠ ᠮᠥᠩᠭᠦ ᠶᠢ ᠨᠡᠶᠢᠲᠡ | 17489.29 ᠲᠦᠮᠡᠨ ᠲᠥᠭᠦᠷᠢᠭ ᠬᠤᠪᠢᠶᠠᠷᠢᠯᠠᠵᠠᠶ᠃ | ᠵᠦᠸᠧᠽᠢ ᠰᠢᠶᠠᠨ ᠤ ᠵᠦᠸᠧ ᠶᠤᠸᠠᠨ ᠶᠠᠳᠠᠭᠤ ᠶᠢ ᠲᠡᠳᠬᠦᠬᠦ ᠬᠡᠷᠡᠯ ᠴᠡᠨᠡᠭ ᠤᠨ ᠪᠠᠯᠠ ᠣᠷᠣᠭᠤᠯᠤᠯᠲᠠ ᠶᠢᠨ | ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᠴᠢᠤᠸᠠᠨ ᠱᠧᠩ ᠢᠯᠡᠷᠬᠡᠶᠢᠯᠡᠬᠦ ᠳᠡᠭᠡᠨ᠂ ᠣᠳᠣᠬᠠᠨ ᠳᠤ᠂ | ᠵᠦᠸᠧᠽᠢ ᠰᠢᠶᠠᠨ ᠤ ᠨᠢᠭᠡᠨᠲᠡ ᠪᠠᠶᠢᠭᠤᠯᠤᠭᠰᠠᠨ ᠬᠡᠷᠡᠯ ᠴᠡᠨᠡᠭ ᠢ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ | ᠶᠡᠷᠦᠩᠬᠡᠶ ᠪᠠᠭᠲᠠᠭᠠᠮᠵᠢ ᠨᠢ 31 ᠰᠠᠶ᠎ᠠ ᠸᠠᠲ ᠲᠤ ᠬᠦᠷᠴᠦ᠂ ᠢᠷᠡᠬᠦ ᠵᠢᠯ ᠳᠤ ᠪᠠᠰᠠ ᠬᠡᠷᠡᠯ ᠴᠡᠨᠡᠭ ᠢᠶᠠᠷ ᠶᠠᠳᠠᠭᠤ ᠶᠢ | ᠲᠡᠳᠬᠦᠬᠦ ᠲᠥᠷᠥ ᠶᠢᠨ ᠪᠣᠳᠣᠯᠭ᠎ᠠ ᠶᠢ ᠭᠥᠷᠳᠡᠭᠡ ᠥᠬᠡᠶ 46 ᠲᠣᠰᠬᠤᠨ ᠳᠤ ᠪᠠᠭᠲᠠᠭᠠᠮᠵᠢ ᠨᠢ 17.6 ᠰᠠᠶ᠎ᠠ | ᠸᠠᠲ ᠤᠨ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠪᠠᠶᠢᠭᠤᠯᠵᠤ᠂ ︽ᠬᠡᠷᠡᠯ ᠴᠡᠨᠡᠭ︾ ᠤᠨ ᠠᠵᠤ ᠠᠬᠤᠶ ᠶᠢᠨ | ᠵᠠᠭᠪᠤᠷ ᠢ ᠢᠳᠡᠪᠬᠢᠲᠡᠶ ᠰᠦᠪᠡᠭᠴᠢᠯᠡᠵᠦ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠶᠢ ︽ᠬᠡᠷᠡᠯ ᠤᠨ ᠦᠵᠡᠮᠵᠢ︾ | ᠲᠠᠢ ᠪᠥᠭᠡᠳ ︽ᠠᠯᠤᠰ ᠢᠷᠡᠭᠡᠳᠦᠶ︾ ᠲᠠᠢ ᠠᠵᠤ ᠦᠢᠯᠡᠰ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ | ᠠᠵᠤ ᠦᠢᠯᠡᠰ ᠪᠣᠯᠭᠠᠨ᠎ᠠ ᠭᠡᠵᠡᠶ᠃ | | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |