ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ᠄ ᠡᠯᠳᠡᠪ ᠶᠠᠩᠵᠤ ᠶᠢᠨ ᠬᠠᠮᠲᠤ ᠶᠢᠨ ᠲᠠᠮᠢᠷ ᠤᠨ ᠬᠥᠳᠡᠯᠭᠡᠭᠡᠨ ᠤ ᠶᠡᠭᠡ ᠬᠢᠴᠢᠶᠡᠯ ᠤᠨ ᠲᠠᠰᠤᠯᠭ᠎ᠠ
ᠨᠡᠶᠢᠲᠡᠯᠡᠭᠰᠡᠨ ᠴᠠᠭ᠄
2024/12/4
    ᠡᠨᠡ ᠵᠢᠯ ᠠᠴᠠ ᠨᠠᠰᠢ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠰᠤᠷᠤᠭᠴᠢᠳ ᠤᠨ ᠳᠤᠷ᠎ᠠ ᠰᠣᠨᠢᠷᠬᠠᠯ ᠤᠨ ᠣᠨᠴᠠᠯᠢᠭ ᠢ ᠦᠨᠳᠦᠰᠦᠯᠡᠨ᠂ ᠪᠡᠶ᠎ᠡ ᠪᠠᠨ ᠳᠠᠭᠠᠭᠠᠵᠤ 8 ᠢᠵᠢ ᠬᠠᠮᠲᠤ ᠶᠢᠨ ᠪᠡᠶ᠎ᠡ ᠶᠢᠨ ᠲᠠᠮᠢᠷ ᠢ ᠨᠠᠶᠢᠷᠠᠭᠤᠯᠵᠤ᠂ ᠰᠤᠷᠤᠭᠴᠢᠳ ᠤᠨ ᠶᠡᠭᠡ ᠬᠢᠴᠢᠶᠡᠯ ᠤᠨ ᠬᠤᠭᠤᠷᠣᠨᠳᠣᠬᠢ ᠠᠵᠢᠯᠯᠠᠭ᠎ᠠ ᠶᠢ ᠪᠠᠶᠠᠯᠢᠭ ᠰᠠᠶᠢᠬᠠᠨ᠂ ᠥᠪᠡᠷᠮᠢᠴᠡ ᠣᠨᠴᠠᠯᠢᠭ ᠲᠠᠢ ᠪᠣᠯᠭᠠᠪᠠ᠃    ᠡᠪᠦᠯ ᠤᠨ ᠡᠬᠢᠨ ᠳᠤ᠂ ᠵᠦᠯᠭᠡᠨ ᠳᠡᠭᠡᠷᠡᠬᠢ ᠬᠡᠦᠬᠡᠳ ᠤᠳ ᠴᠥᠮ ᠴᠤᠭ ᠵᠢᠪᠬᠤᠭ᠎ᠠ ᠲᠡᠭᠦᠯᠳᠡᠷ ᠪᠠᠶᠢᠯ᠎ᠠ᠃ ᠣᠯᠠᠨ ᠢᠶᠠᠷ ᠢᠶᠠᠨ ᠳᠠᠭᠤᠤ ᠬᠥᠭᠵᠢᠮ ᠤᠨ ᠬᠥᠭ ᠠᠶᠢᠵᠠᠮ ᠢ ᠳᠠᠭᠠᠵᠤ᠂ ᠭᠠᠷ ᠲᠠᠬᠢ ᠬᠤᠷᠦ᠋ᠢᠯᠠᠵᠤ ᠪᠥᠵᠢᠭᠯᠡᠵᠦ᠂ ᠠᠶᠢᠵᠠᠮ ᠴᠣᠬᠢᠯᠭ᠎ᠠ ᠨᠢ ᠲᠦᠷᠭᠡᠨ ᠪᠥᠭᠡᠳ ᠬᠦᠴᠦᠲᠡᠶ᠂ ᠬᠥᠳᠡᠯᠦᠯ ᠪᠠᠷᠢᠯ ᠨᠢ ᠵᠢᠭᠳᠡ ᠪᠠᠶᠢᠳᠠᠭ᠃ ᠪᠡᠶ᠎ᠡ ᠶᠢᠨ ᠲᠠᠮᠢᠷ ᠤᠨ ᠶᠠᠪᠤᠴᠠ ᠳᠤ᠂ ᠠᠩᠭᠢ ᠶᠢᠨ ᠬᠡᠯᠪᠡᠷᠢ ᠪᠠ ᠬᠥᠳᠡᠯᠦᠯ ᠪᠠᠷᠢᠯ ᠢᠶᠠᠨ ᠪᠠᠶᠢᠨ ᠪᠠᠶᠢᠨ ᠬᠤᠪᠢᠷᠠᠭᠤᠯᠵᠤ᠂ ᠳᠤᠭᠤᠶᠢᠯᠠᠩ ᠤᠨ ᠬᠤᠭᠤᠷᠣᠨᠳᠣ ᠪᠠᠨ ᠬᠠᠮᠵᠢᠯᠴᠠᠨ ᠰᠡᠳᠬᠢᠯ ᠰᠠᠨᠠᠭ᠎ᠠ ᠪᠠᠨ ᠣᠯᠣᠯᠴᠠᠵᠤ᠂ ᠵᠠᠯᠠᠭᠤ ᠨᠠᠰᠤᠨ ᠤ ᠰᠤᠷᠤᠭᠴᠢᠳ ᠤᠨ ᠴᠤᠭ ᠵᠢᠪᠬᠤᠭ᠎ᠠ ᠪᠠ ᠠᠮᠢᠵᠢᠷᠠᠯ ᠤᠨ ᠬᠦᠴᠦᠨ ᠢ ᠭᠦᠢᠴᠡᠳ ᠢᠯᠡᠷᠡᠭᠦᠯᠪᠡ᠃    ︽ᠬᠢᠴᠢᠶᠡᠯ ᠤᠨ ᠵᠠᠪᠰᠠᠷᠯᠠᠭ᠎ᠠ ᠶᠢᠨ ᠬᠥᠳᠡᠯᠭᠡᠭᠡᠨ ᠳᠤ ᠣᠷᠣᠯᠴᠠᠬᠤ ᠨᠢ ᠮᠠᠨ ᠤ ᠶᠠᠰᠤᠨ ᠤ ᠪᠤᠶᠢᠵᠢᠯᠲᠠ ᠶᠢ ᠠᠬᠢᠭᠤᠯᠵᠤ᠂ ᠮᠠᠨ ᠤ ᠪᠡᠶ᠎ᠡ ᠰᠡᠳᠬᠢᠯ ᠢ ᠰᠤᠯᠠᠷᠠᠭᠤᠯᠵᠤ ᠪᠣᠯᠤᠨ᠎ᠠ᠂ ᠬᠢᠴᠢᠶᠡᠯ ᠰᠤᠷᠤᠯᠭ᠎ᠠ ᠶᠢᠨ ᠶᠠᠳᠠᠷᠠᠭ᠎ᠠ ᠶᠢ ᠨᠠᠮᠳᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠨᠡᠮᠡᠭᠳᠡᠭᠦᠯᠬᠦ ᠳᠤ ᠪᠢ ᠶᠡᠭᠡ ᠬᠢᠴᠢᠶᠡᠯ ᠤᠨ ᠬᠤᠭᠤᠷᠣᠨᠳᠣᠬᠢ ᠠᠵᠢᠯᠯᠠᠭ᠎ᠠ ᠳᠤ ᠮᠠᠰᠢ ᠳᠤᠷᠠᠲᠠᠢ᠃ ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠬᠤᠶᠠᠳᠤᠭᠠᠷ ᠣᠨ ᠤ 5 ᠳ᠋ᠤᠭᠠᠷ ᠠᠩᠬᠢ ᠶᠢᠨ ᠰᠤᠷᠤᠭᠴᠢ ᠱᠧᠨ ᠷᠦᠢ ᠬᠡᠯᠡᠪᠡ᠃    ᠵᠦᠸᠧᠽᠢ ᠰᠢᠶᠠᠨ ᠤ ᠪᠡᠭᠡᠵᠢᠩ ᠤᠨ ᠴᠤᠤᠶᠠᠩ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠯᠢ ᠶᠠ ᠰᠢᠩ ᠤᠨ ᠲᠠᠨᠢᠯᠴᠠᠭᠤᠯᠤᠭᠰᠠᠨ ᠢᠶᠠᠷ᠂ ᠰᠤᠷᠭᠠᠭᠤᠯᠢ ᠶᠢᠨ ᠬᠠᠮᠲᠤ ᠶᠢᠨ ᠪᠡᠶ᠎ᠡ ᠶᠢᠨ ᠲᠠᠮᠢᠷ ᠨᠢ ᠪᠡᠶ᠎ᠡ ᠶᠢᠨ ᠲᠠᠮᠢᠷ᠂ ᠤᠷᠠᠯᠢᠭ ᠪᠠ ᠰᠣᠶᠣᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠥᠳᠡᠯᠭᠡᠭᠡᠨ ᠪᠣᠯᠤᠭᠰᠠᠨ ᠤ ᠬᠤᠪᠢ ᠳᠤ᠂ ᠰᠤᠷᠭᠠᠭᠤᠯᠢ ᠨᠢ ᠶᠡᠭᠡ ᠬᠢᠴᠢᠶᠡᠯ ᠤᠨ ᠵᠠᠪᠰᠠᠷ ᠢ ᠭᠦᠢᠴᠡᠳ ᠠᠰᠢᠭᠯᠠᠨ᠂ ᠬᠠᠮᠲᠤ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠨᠠᠷᠢᠨ ᠬᠢᠨᠠᠮᠠᠭᠠᠢ ᠥᠷᠨᠢᠭᠦᠯᠵᠦ᠂ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠤᠭᠰᠠᠨ ᠢᠶᠠᠷ ᠪᠠᠷᠠᠬᠤ ᠦᠭᠡᠢ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠢ ᠪᠠᠶᠠᠯᠢᠭᠵᠢᠭᠤᠯᠵᠤ᠂ ᠰᠤᠷᠤᠭᠴᠢᠳ ᠤᠨ ᠳᠤᠷ᠎ᠠ ᠰᠣᠨᠢᠷᠬᠠᠯ ᠢ ᠭᠦᠨ ᠲᠠᠲᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠴᠤᠤᠶᠠᠩ ᠰᠤᠷᠭᠠᠭᠤᠯᠢ ᠰᠤᠷᠤᠭᠴᠢᠳ ᠤᠨ ᠦᠰᠦᠨ ᠪᠤᠶᠢᠵᠢᠯᠲᠠ ᠶᠢᠨ ᠣᠨᠴᠠᠯᠢᠭ ᠢ ᠦᠨᠳᠦᠰᠦᠯᠡᠨ᠂ ᠪᠡᠶ᠎ᠡ ᠪᠠᠨ ᠳᠠᠭᠠᠭᠠᠨ 3 ᠢᠵᠢ ᠠᠶᠢᠠᠮᠭ ᠤᠨ ᠪᠡᠶ᠎ᠡ ᠶᠢᠨ ᠲᠠᠮᠢᠷ᠂ 5 ᠢᠵᠢ ᠪᠠᠭᠠᠵᠢ ᠬᠡᠷᠡᠭᠰᠡᠯ ᠢ ᠵᠢᠷᠤᠵᠤ ᠲᠥᠯᠥᠪᠯᠡᠵᠡᠢ᠃ ᠪᠦᠬᠦ ᠰᠤᠷᠭᠠᠭᠤᠯᠢ ᠶᠢᠨ 700 ᠭᠠᠷᠤᠢ ᠰᠤᠷᠤᠭᠴᠢᠳ ᠡᠳᠦᠷ ᠪᠦᠷᠢ 30 ᠮᠢᠨᠦ᠋ᠲ ᠤᠨ ᠬᠢᠴᠢᠶᠡᠯ ᠤᠨ ᠵᠠᠪᠰᠠᠷ ᠢ ᠠᠰᠢᠭᠯᠠᠵᠤ᠂ ᠬᠠᠮᠲᠤ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠵᠦ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠴᠠᠭ ᠢ ᠭᠦᠢᠴᠡᠳ ᠪᠠᠲᠤᠯᠠᠪᠠ᠃    ᠯᠢ ᠶᠠ ᠰᠢᠩ ᠢᠯᠡᠷᠬᠡᠶᠢᠯᠡᠬᠦ ᠳᠡᠭᠡᠨ᠂ ᠰᠤᠷᠭᠠᠭᠤᠯᠢ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠶ᠋ᠴᠡᠳ ᠨᠡᠭᠡᠭᠡᠵᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠰᠢᠨ᠎ᠡ ᠶᠢ ᠡᠭᠦᠳᠴᠦ᠂ ᠰᠤᠷᠤᠭᠴᠢᠳ ᠢ ᠬᠠᠪᠰᠤᠷᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠳᠤᠮᠳᠠ ᠪᠠᠶᠠᠷ ᠪᠠᠶᠠᠰᠤᠯ ᠢ ᠡᠳ᠋ᠯᠡᠭᠦᠯᠵᠦ᠂ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠦᠨᠳᠦᠰᠦᠯᠡᠭᠦᠯᠵᠦ᠂ ᠬᠥᠮᠦᠨ ᠬᠥᠮᠦᠵᠢᠭᠦᠯᠬᠦ ᠰᠠᠭᠤᠷᠢ ᠶᠢ ᠪᠠᠬᠢᠵᠢᠭᠦᠯᠦᠨ᠎ᠡ ᠭᠡᠵᠡᠶ᠃                                      ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2