ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/20
    ᠣᠶᠢᠷ᠎ᠠ ᠶᠢᠨ ᠡᠳᠦᠷ ᠤᠳ ᠲᠤ᠂ ᠵᠦᠸᠧᠽᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠨᠢᠭᠡᠳᠦᠯᠲᠡᠢ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠪᠥᠬᠦ ᠰᠢᠶᠠᠨ ᠤ ᠬᠡᠪᠴᠢᠶᠡᠨ ᠳᠤ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃    ᠭᠤᠣᠯᠳᠠᠯᠭ᠎ᠠ ᠲᠠᠢ ᠬᠦᠷᠢᠶ᠎ᠡ ᠶᠢ ᠲᠣᠳᠣᠷᠬᠠᠶᠢᠯᠠᠵᠤ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠬᠤᠭᠤᠯᠠ ᠤᠮᠳᠠᠭᠠᠨ ᠤ ᠭᠠᠳᠠᠨ᠎ᠠ ᠬᠤᠭᠤᠯᠠ ᠵᠠᠬᠢᠶᠠᠯᠠᠬᠤ᠂ ᠬᠤᠷᠢᠮ ᠪᠡᠯᠪᠡᠰᠦᠷᠡᠯ ᠬᠤᠷᠢᠮ ᠨᠠᠶᠢᠷ᠂ ᠥᠪᠡᠷ ᠲᠡᠭᠡᠨ ᠦᠢᠯᠡᠴᠢᠯᠡᠬᠦ ᠬᠤᠭᠤᠯᠠ ᠪᠣᠯᠣᠨ ᠨᠢᠭᠡᠴᠡ ᠶᠢᠨ ᠬᠤᠭᠤᠯᠠᠨ ᠭᠡᠷ ᠵᠡᠷᠭᠡ ᠭᠤᠣᠯᠳᠠᠯᠭ᠎ᠠ  ᠲᠠᠢ ᠬᠦᠷᠢᠶ᠎ᠡ ᠶᠢᠨ ᠲᠣᠭᠤᠷᠢᠨ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ︾ ᠶᠢ ᠴᠢᠩᠭ᠎ᠠ ᠬᠡᠷᠡᠭᠵᠢᠭᠦᠯᠵᠦ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠠᠵᠢᠯᠯᠠᠭ᠎ᠠ ᠶᠢ ᠢᠳᠡᠭᠡᠨ ᠤᠮᠳᠠᠭᠠᠨ ᠤ ᠢᠳᠡᠭᠡᠨ ᠤ ᠵᠦᠢᠯ ᠤᠨ ᠠᠶᠤᠯᠭᠦᠢ ᠶᠢᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠲᠠᠢ ᠤᠶᠠᠯᠳᠤᠭᠤᠯᠬᠤ ᠶᠢ ᠬᠤᠷᠢᠭᠯᠠᠨ ᠵᠣᠭᠰᠣᠭᠠᠵᠤ᠂ ᠬᠢᠨᠠᠯᠲᠠ ᠲᠠᠯᠪᠢᠬᠤ ᠤᠳᠠᠭ᠎ᠠ ᠤᠳᠠᠭ᠎ᠠ ᠪᠠ ᠡᠷᠴᠢᠮ ᠢᠶᠠᠨ ᠴᠢᠩᠭᠠᠷᠠᠭᠤᠯᠵᠤ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠰᠠᠨᠠᠭᠤᠯᠤᠭᠰᠠᠨ ᠦᠭᠡᠢ᠂ ᠬᠥᠲᠥᠯᠥᠨ ᠵᠢᠯᠤᠭᠤᠳᠴᠤ ᠬᠤᠭᠤᠯᠠ ᠵᠠᠬᠢᠶᠠᠯᠠᠭᠤᠯᠬᠤ ᠵᠡᠷᠭᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠥᠭᠡᠳ ᠲᠦᠷᠭᠡᠨ ᠢᠶᠠᠷ ᠪᠠᠶᠢᠴᠠᠭᠠᠨ ᠰᠢᠢᠳᠪᠦᠷᠢᠯᠡᠵᠦ ᠵᠠᠯᠠᠷᠠᠭᠤᠯᠤᠨ᠂ ᠢᠳᠡᠭᠡᠨ ᠤᠮᠳᠠᠭᠠᠨ ᠤ ᠵᠦᠢᠯ ᠢ ᠪᠦᠷᠢᠯᠭᠡᠨ ᠰᠦᠢᠳᠬᠡᠬᠦ ᠶᠢ ᠬᠤᠷᠢᠭᠯᠠᠨ ᠵᠣᠭᠰᠤᠭᠠᠬᠤ ᠠᠵᠢᠯᠯᠠᠭ᠎ᠠ ᠶᠢ ᠲᠠᠰᠤᠷᠠᠯᠳᠠ ᠦᠭᠡᠢ ᠲᠦᠯᠬᠢᠨ ᠠᠬᠢᠭᠤᠯᠤᠨ᠎ᠠ᠃    ᠰᠢᠮᠳᠠᠭᠤᠯᠤᠨ ᠪᠠᠶᠢᠴᠠᠭᠠᠵᠤ ᠵᠢᠯᠤᠭᠤᠳᠬᠤ ᠶᠢ ᠴᠢᠩᠳᠠᠯᠠᠵᠤ᠂ ᠢᠳᠡᠭᠡᠨ ᠤᠮᠳᠠᠭᠠᠨ ᠤ ᠬᠡᠷᠡᠭᠯᠡᠭᠡ ᠶᠢ ᠵᠢᠷᠤᠮᠵᠢᠭᠤᠯᠤᠨ᠎ᠠ᠃ ᠡᠯ᠎ᠡ ᠢᠳᠡᠭᠡᠨ ᠤᠮᠳᠠᠭᠠᠨ ᠤ ᠡᠵᠡᠩᠨᠡᠭᠴᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠠᠵᠢᠯ ᠢ ᠬᠢᠨᠠᠮᠠᠭᠠᠢ ᠥᠷᠨᠢᠭᠦᠯᠵᠦ᠂ ᠥᠪᠡᠷ ᠤᠨ ᠠᠮᠠᠯᠠᠯᠲᠠ ᠪᠠᠨ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠠᠷᠪᠢᠯᠠᠨ ᠭᠠᠮᠨᠠᠵᠤ᠂ ᠪᠣᠯᠪᠠᠰᠤᠨ ᠢᠶᠠᠷ ᠬᠤᠭᠤᠯᠠ ᠢᠳᠡᠭᠦᠯᠵᠦ᠂︽ᠬᠤᠭᠤᠰᠤᠨ ᠬᠤᠭᠤᠯᠠ ᠢᠳᠡᠬᠦ ᠠᠵᠢᠯᠯᠠᠭ᠎ᠠ︾ ᠶᠢ ᠦᠢᠯᠡᠳᠦᠯᠭᠡᠵᠢᠭᠦᠯᠵᠦ᠂︽ᠵᠢᠵᠢᠭ ᠬᠤᠪᠢ ᠶᠢᠨ ᠨᠣᠭᠤᠭ᠎ᠠ︾︽ᠬᠠᠭᠠᠰ ᠬᠤᠪᠢ ᠶᠢᠨ ᠨᠣᠭᠤᠭ᠎ᠠ︾︽ᠰᠦᠯᠵᠢᠶ᠎ᠡ ᠪᠠᠷ ᠬᠤᠭᠤᠯᠠ ᠵᠠᠬᠢᠶᠠᠯᠠᠬᠤ ᠨᠢ ᠢᠳᠡᠭᠡᠨ ᠤ ᠬᠦᠨᠳᠦ ᠶᠢᠨ ᠬᠡᠮᠵᠢᠶ᠎ᠡ ᠶᠢ ᠲᠣᠳᠣᠷᠬᠠᠢ ᠢᠯᠡᠳᠬᠡᠬᠦ︾ ᠶᠢ ᠢᠳᠡᠪᠬᠢᠲᠡᠢ ᠪᠠᠷ ᠳᠡᠯᠭᠡᠷᠡᠭᠦᠯᠵᠦ᠂ ᠢᠯᠡ ᠲᠣᠳᠣ ᠠᠷᠭ᠎ᠠ ᠮᠠᠶ᠋ᠢᠭ ᠢᠶᠠᠷ ᠬᠡᠷᠡᠭᠯᠡᠭᠴᠢᠳ ᠲᠤ ᠵᠣᠬᠢᠬᠤ ᠬᠡᠮᠵᠢᠶ᠎ᠡ ᠪᠠᠷ ᠬᠤᠭᠤᠯᠠ ᠵᠠᠬᠢᠶᠠᠯᠠᠬᠤ᠂ ᠰᠠᠨᠠᠭᠠᠴᠢᠯᠠᠭ᠎ᠠ ᠠᠴᠠ ᠪᠠᠨ ᠪᠣᠭᠤᠳᠠᠯᠯᠠᠬᠤ ᠶᠢ ᠰᠠᠨᠠᠭᠤᠯᠵᠤ᠂ ︽ᠢᠳᠡᠭᠡᠨ ᠤᠮᠳᠠᠭᠠᠨ ᠤ ᠲᠠᠯ᠎ᠠ ᠪᠠᠷ ᠬᠢ ᠪᠦᠷᠢᠯᠭᠡᠬᠦ︾ ᠶᠢ ᠡᠷᠡᠰ ᠲᠡᠪᠴᠢᠬᠦ ᠬᠡᠷᠡᠭᠲᠡᠢ᠃    ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠸᠢᠴᠠᠲ ᠤᠨ ᠨᠡᠶᠢᠲᠡ ᠶᠢᠨ ᠳ᠋ᠤᠭᠠᠷ᠂ ᠡᠯᠧᠺᠲᠷᠣᠨ ᠳᠡᠯᠭᠡᠴᠡ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠨ ᠢᠶᠠᠷ ᠬᠤᠭᠤᠯᠠ ᠢᠳᠡᠬᠦ᠂ ᠪᠦᠷᠢᠯᠭᠡᠨ ᠰᠦᠢᠳᠬᠡᠬᠦ ᠶᠢ ᠲᠡᠪᠴᠢᠬᠦ ᠵᠡᠷᠭᠡ ᠰᠢᠨ᠎ᠡ ᠬᠡᠪ ᠰᠤᠷᠲᠠᠯ ᠢ ᠥᠷᠭᠡᠨ ᠢᠶᠠᠷ ᠤᠬᠠᠭᠤᠯᠵᠤ᠂ ᠬᠡᠷᠡᠭᠯᠡᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ᠂ ᠣᠶᠤᠨᠴᠢ᠂ ᠪᠣᠯᠪᠠᠰᠤᠨ ᠬᠡᠷᠡᠭᠯᠡᠭᠡᠨ ᠤ ᠳᠠᠳᠬᠠᠯ ᠢ ᠪᠣᠶ ᠪᠣᠯᠭᠠᠵᠤ᠂ ᠪᠥᠬᠦ ᠨᠡᠶᠢᠭᠡᠮ ᠳᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠨᠢ ᠢᠴᠢᠭᠦᠷᠢᠲᠡᠢ᠂ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ᠂ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠨᠡᠶᠢᠲᠡ ᠶᠢᠨ ᠬᠢᠨᠠᠯᠲᠠ ᠳᠤ ᠣᠷᠣᠯᠴᠠᠬᠤ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃    ᠲᠠᠷᠠᠭᠠᠴᠢ ᠶᠢᠨ ᠠᠯᠬᠤᠮ ᠳᠤ᠂ ᠲᠣᠰ ᠲᠣᠪᠴᠢᠶ᠎ᠠ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠬᠤᠷᠢᠭᠯᠠᠬᠤ ᠰᠢᠨ᠎ᠡ ᠰᠡᠳᠬᠢᠮᠵᠢ᠂ ᠰᠢᠨ᠎ᠡ ᠠᠷᠭ᠎ᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠢᠳᠡᠭᠡᠨ ᠤᠮᠳᠠᠭᠠᠨ ᠤ ᠠᠵᠢᠯ ᠲᠥᠷᠥᠯ ᠤᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠢᠳᠡᠭᠡᠨ ᠤᠮᠳᠠᠭᠠᠨ ᠤ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠵᠤ᠂ ᠪᠣᠯᠪᠠᠰᠤᠨ ᠢᠶᠠᠷ ᠬᠤᠭᠤᠯᠠᠯᠠᠬᠤ ᠰᠠᠶᠢᠨ ᠰᠠᠶᠢᠬᠠᠨ ᠴᠠᠭ ᠤᠨ ᠥᠩᠭᠡ ᠶᠢ ᠪᠣᠶ ᠪᠣᠯᠭᠠᠨ᠎ᠠ᠃                         ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2