︽ᠦᠵᠡᠰᠬᠦᠯᠡᠩᠲᠦ ᠰᠠᠶᠢᠬᠠᠨ ᠳᠤᠮᠳᠠᠳᠤ ᠶᠢᠨ ᠵᠢᠯ︾  ᠤᠨ ᠬᠠᠯᠠᠭᠤᠨ  ᠪᠠᠶᠠᠷ ᠲᠤ ᠮᠢᠩᠭᠠᠨ ᠬᠥᠮᠥᠨ ᠤ ᠶᠠᠩᠭᠠᠷ ᠲᠠᠢ ᠯᠣᠸ ᠵᠢᠯ ᠤᠨ ᠥᠯᠵᠡᠶᠢᠲᠦ ᠡᠳᠦᠷ ᠤᠨ ᠪᠠᠶᠠᠷ ᠢ ᠪᠡᠯᠭᠡᠯᠡᠪᠡ
ᠨᠡᠶᠢᠲᠡᠯᠡᠭᠰᠡᠨ ᠴᠠᠭ᠄
2024/2/21
    ᠬᠠᠷᠠᠩᠭ᠎ᠠ ᠬᠡᠩᠭᠡᠷᠭᠡ  ᠶᠠᠩᠭᠠᠷ ᠨᠢᠵᠢᠬ᠋ᠢᠨᠡᠵᠦ᠂ 2 ᠰᠠᠷ᠎ᠠ ᠶᠢᠨ 24 ᠤ ᠡᠳᠦᠷ ᠤᠨ ᠪᠢᠯᠢᠭ ᠤᠨ ᠤᠯᠠᠷᠢᠯ ᠤᠨ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ᠂ ᠵᠦᠸᠧᠽᠢ ᠰᠢᠶᠠᠨ ᠤ ᠬᠢᠨ ︽ᠯᠣᠣ ᠳᠡᠭᠦᠯᠢᠨ ᠪᠠᠷᠰ ᠳᠡᠪᠬᠡᠷᠦᠭᠰᠡᠨ ᠵᠣᠯ ᠵᠢᠷᠭᠠᠯᠲᠤ ᠵᠢᠯ︾ ᠭᠡᠬᠦ ᠶᠠᠩᠭᠠᠷ᠂ ᠴᠢᠮᠡᠭᠲᠦ ᠲᠡᠷᠭᠡ ᠪᠠᠷ ᠲᠣᠭᠤᠷᠢᠨ ᠵᠤᠭᠠᠴᠠᠬᠤ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠦ᠂ 16 ᠶᠠᠩᠭᠠᠷ ᠲᠣᠭᠯᠠᠯᠲᠠ ᠶᠢᠨ ᠠᠩᠭᠢ ᠶᠢᠨ 3000 ᠭᠠᠷᠤᠢ ᠬᠥᠮᠥᠨ ᠨᠢᠭᠡ ᠲᠠᠩᠬᠢᠮ ᠳᠤ ᠴᠤᠭᠯᠠᠷᠠᠨ᠂ ᠳᠠᠭᠤᠯᠠᠨ ᠪᠥᠵᠢᠭᠯᠡᠵᠦ᠂ ᠥᠯᠵᠡᠶᠢᠲᠦ ᠡᠳᠦᠷ ᠤᠨ ᠪᠠᠶᠠᠷ ᠢ ᠬᠠᠮᠲᠤ ᠪᠠᠷ ᠪᠡᠯᠭᠡᠯᠡᠪᠡ᠃
   ᠴᠠᠭᠠᠨ ᠰᠠᠷ᠎ᠠ ᠶᠢᠨ ᠠᠷᠪᠠᠨ ᠲᠠᠪᠤᠨ ᠳᠤ ᠵᠦᠸᠧᠽᠢ ᠰᠢᠶᠠᠨ ᠤ ᠬᠤᠳᠠ ᠳᠤ ᠭᠠᠵᠠᠷ ᠪᠣᠯᠭᠠᠨ ᠳᠤ ᠪᠠᠶᠠᠷ ᠬᠦᠷ ᠢᠶᠠᠷ ᠪᠢᠯᠬᠠᠵᠤ᠂ ᠬᠡᠳᠦᠨ ᠲᠦᠮᠡᠨ ᠠᠷᠠᠳ ᠠᠯᠢ ᠡᠷᠲᠡ ᠵᠡᠭᠡᠯᠢ ᠶᠢᠨ ᠬᠤᠶᠠᠷ ᠲᠠᠯ᠎ᠠ ᠪᠠᠷ ᠬᠦᠯᠢᠶᠡᠵᠦ᠂ 2024 ᠣᠨ ᠤ ᠥᠯᠵᠡᠶᠢᠲᠦ ᠡᠳᠦᠷ ᠤᠨ ᠪᠠᠶᠠᠷ ᠤᠨ ᠶᠠᠩᠭᠠᠷ ᠪᠥᠵᠢᠭ ᠤᠨ ᠲᠣᠭᠯᠠᠯᠲᠠ ᠶᠢ ᠰᠣᠨᠢᠷᠬᠠᠪᠠ᠃ ᠦᠳᠡ ᠶᠢᠨ 12 ᠴᠠᠭ ᠲᠤ᠂ ᠶᠠᠩᠭᠠᠷ ᠤᠨ ᠲᠣᠭᠤᠷᠢᠨ ᠵᠤᠭᠠᠴᠠᠬᠤ ᠠᠩᠭᠢ ᠰᠢᠨ᠎ᠡ ᠲᠣᠭᠤᠷᠢᠭ ᠤᠨ ᠶᠡᠷᠦᠩᠬᠡᠶᠢᠯᠡᠭᠰᠡᠨ ᠵᠠᠮ ᠤᠨ ᠠᠭᠤᠯᠵᠠᠷ ᠲᠤ ᠬᠦᠷᠬᠦ ᠳᠤ᠂ ᠵᠦᠸᠧᠽᠢ ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠲᠦᠷᠪᠡᠨ ᠪᠠᠭ ᠤᠨ ᠤᠳᠤᠷᠢᠳᠤᠯᠭ᠎ᠠ ᠪᠠᠶᠠᠷ ᠬᠦᠷ ᠲᠠᠢ ᠤᠯᠠᠭᠠᠨ ᠲᠣᠷᠭᠠᠨ ᠪᠦᠴᠡ ᠪᠠᠷ ᠡᠩᠨᠡᠭᠡᠨ ᠳᠤ ᠣᠷᠣᠵᠤ᠂ ᠶᠠᠩᠭᠠᠷ  ᠤᠨ ᠳᠠᠭᠤᠤ  ᠶᠢ ᠡᠷᠭᠢᠭᠦᠯᠵᠦ᠂ ᠥᠯᠵᠡᠶᠢᠲᠦ ᠦᠳᠡᠰᠢ ᠶᠢ ᠪᠡᠯᠭᠡᠯᠡᠬᠦ ᠠᠵᠢᠯᠯᠠᠭ᠎ᠠ ᠶᠢ ᠳᠠᠬᠢᠨᠲᠠ ᠤᠷᠬᠢᠯ ᠳᠤᠨᠢ ᠬᠦᠷᠭᠡᠵᠡᠢ᠃
  ᠠᠷᠪᠠᠨ ᠵᠢᠷᠭᠤᠭᠠᠨ ᠶᠠᠩᠭᠠᠷ ᠪᠥᠵᠢᠭ ᠤᠨ ᠠᠩᠭᠢ ᠶᠢᠨ ᠬᠢᠨ ᠣᠷᠭᠢᠯᠤᠮ᠎ᠠ ᠬᠠᠯᠠᠭᠤᠨ ᠬᠡᠩᠭᠡᠷᠭᠡ ᠶᠢᠨ ᠲᠠᠭᠤᠨ ᠢ ᠳᠠᠭᠠᠯᠳᠤᠨ᠂ ᠣᠯᠠᠨ ᠲᠦᠮᠡᠨ ᠤ ᠬᠦᠷᠢᠶᠡᠯᠡᠯ ᠳᠣᠣᠷ᠎ᠠ᠂ ᠨᠢᠭᠡ ᠵᠠᠮ ᠤᠨ ᠪᠠᠶᠠᠷ ᠤᠨ ᠳᠠᠭᠤᠤ ᠲᠦᠩ ᠯᠧ ᠲᠠᠯᠠᠪᠠᠶ ᠳᠤ ᠬᠦᠷᠴᠦ᠂ ︽ᠯᠣᠣ ᠪᠠᠷᠰ ᠦᠰᠦᠷᠦᠭᠰᠡᠨ ᠵᠣᠯ ᠵᠢᠷᠭᠠᠯᠲᠤ ᠣᠨ︾ ᠭᠡᠬᠦ ᠶᠠᠩᠭᠠᠷ ᠪᠥᠵᠢᠭ ᠤᠨ ᠤᠷᠤᠯᠳᠤᠭᠠᠨ ᠳᠤ ᠣᠷᠣᠯᠴᠠᠪᠠ᠃ ᠲᠣᠭᠯᠠᠯᠲᠠ  ᠶᠢᠨ ᠠᠩᠭᠢ  ᠶᠢᠨ ᠭᠡᠰᠢᠭᠦᠳ ᠪᠠᠶᠠᠷ ᠬᠥᠷ ᠲᠠᠢ ᠬᠤᠪᠴᠠᠰᠤ ᠡᠮᠦᠰᠦᠨ᠂ ᠥᠩᠭᠡ ᠢᠯᠭᠠᠷᠠᠭᠰᠠᠨ ᠭᠡᠵᠢᠭᠡᠨ ᠤ ᠵᠠᠰᠠᠯ ᠵᠡᠭᠦᠵᠦ᠂ ᠭᠤᠶᠢᠳᠠ ᠰᠠᠶᠢᠬᠠᠨ ᠥᠩᠭᠡᠲᠦ ᠳᠡᠪᠢᠭᠦᠷ ᠪᠦᠰᠡ ᠠᠳᠬᠤᠨ᠂ ᠪᠥᠵᠢᠭ ᠤᠨ ᠳᠦᠷᠢ ᠲᠥᠷᠬᠦ ᠪᠠᠨ ᠳᠡᠯᠭᠡᠨ᠂ ᠭᠤᠴᠣ ᠡᠷᠳᠡᠮ  ᠢᠶᠠᠨ ᠭᠠᠶᠢᠬᠠᠭᠤᠯᠵᠤ ᠪᠠᠶᠢᠪᠠ᠃   ᠢ ᠲᠣᠭᠯᠠᠬᠤ ᠠᠩᠭᠢ  ᠶᠢᠨ ᠭᠡᠰᠢᠭᠦᠳ ᠪᠠᠶᠠᠷ ᠬᠥᠷ ᠲᠠᠢ ᠰᠠᠶᠢᠬᠠᠨ ᠬᠤᠪᠴᠠᠰᠤ ᠡᠮᠦᠰᠦᠨ᠂ ᠥᠪᠡᠷ ᠥᠪᠡᠷ ᠤᠨ ᠠᠪᠢᠶᠠᠰ ᠴᠢᠳᠠᠪᠤᠷᠢ ᠪᠠᠨ ᠭᠠᠶᠢᠬᠠᠭᠤᠯᠵᠤ ᠪᠠᠶᠢᠯ᠎ᠠ᠃ ᠲᠣᠮᠣ ᠲᠦᠷᠦᠭᠦᠲᠦ ᠬᠡᠦᠬᠡᠳ᠂ ᠬᠠᠭᠤᠷᠠᠢ ᠣᠩᠭᠤᠴᠠ ᠰᠡᠯᠢᠬᠦ ᠂ ᠡᠯᠵᠢᠭᠡ ᠲᠠᠭᠤᠬᠤ᠂ ᠥᠨᠳᠥᠷ ᠬᠥᠯ ᠳᠤ ᠭᠢᠰᠬᠢᠬᠦ᠂ ᠯᠣᠣ ᠠᠷᠰᠯᠠᠨ ᠲᠣᠭᠯᠠᠬᠤ ᠵᠡᠷᠭᠡ ᠲᠣᠭᠯᠠᠯᠲᠠ ᠶᠢ ᠡᠭᠡᠯᠵᠢᠯᠡᠨ ᠲᠣᠭᠯᠠᠵᠤ᠂ ᠪᠠᠶᠠᠷ ᠤᠨ ᠲᠣᠭᠯᠠᠯᠲᠠ ᠶᠢ ᠠᠷᠠᠳ ᠤᠨ ᠤᠯᠠᠮᠵᠢᠯᠠᠯᠲᠤ ᠡᠯᠧᠮᠧᠨ᠋ᠲ ᠲᠠᠢ ᠠᠭᠤᠰᠤᠯᠴᠠᠭᠤᠯᠤᠨ ᠳᠡᠯᠭᠡᠨ ᠦᠵᠡᠭᠦᠯᠵᠦ᠂ ᠡᠯ᠎ᠡ ᠵᠦᠢᠯ ᠤᠨ ᠰᠣᠩᠭᠤᠳᠠᠭ ᠳᠦᠷᠰᠦ ᠪᠦᠲᠦᠭᠡᠯᠲᠡ ᠶᠢᠨ ᠤᠷᠠᠨ ᠬᠥᠳᠡᠯᠦᠯ ᠪᠠ ᠠᠮᠢᠳᠤᠯᠢᠭ ᠴᠣᠪᠣᠭᠤᠯᠢᠭ ᠭᠤᠶᠢᠳᠠ ᠰᠠᠶᠢᠬᠠᠨ ᠲᠣᠭᠯᠠᠯᠲᠠ ᠨᠢ ᠲᠤᠬᠠᠢ ᠶᠢᠨ ᠲᠠᠯᠠᠪᠤᠷ ᠲᠤ ᠪᠠᠶᠢᠭᠰᠠᠨ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠪᠠ᠃
ᠬᠠᠩᠭᠢᠨᠠᠮ᠎ᠠ ᠬᠠᠩᠭᠢᠨᠠᠮ᠎ᠠ ᠬᠡᠩᠭᠡᠷᠭᠡ ᠶᠢᠨ ᠲᠠᠭᠤᠨ᠂ ᠪᠠᠶᠠᠷ ᠤᠨ ᠪᠢᠰᠬᠢᠭᠦᠷ᠂ ᠭᠤᠶᠢᠳᠠ ᠰᠠᠶᠢᠬᠠᠨ ᠪᠥᠵᠢᠭ ᠤᠨ ᠳᠦᠷᠢ᠂ ᠠᠮᠢᠳᠤᠯᠢᠭ ᠰᠠᠶᠢᠬᠠᠨ ᠲᠣᠭᠯᠠᠯᠲᠠ ᠨᠢ ᠤᠯᠠᠨ ᠲᠦᠮᠡᠨ ᠳᠤ ᠪᠠᠶᠠᠷ ᠤᠨ ᠡᠳᠦᠷ ᠤᠨ ᠢᠷᠦᠭᠡᠯ ᠵᠥᠩᠨᠡᠯ ᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠭᠠᠷᠮᠠᠭᠠᠢ ᠠᠷᠠᠳ ᠲᠦᠮᠡᠨ ᠤ ᠪᠠᠶᠠᠷ ᠪᠠᠶᠠᠰᠤᠯ ᠲᠠᠢ ᠠᠮᠢᠳᠤᠷᠠᠯ ᠤᠨ ᠪᠠᠶᠢᠳᠠᠯ ᠪᠣᠯᠣᠨ ᠡᠷᠡᠭᠦᠯ ᠪᠣᠯᠪᠠᠰᠤᠨ᠂ ᠢᠳᠡᠪᠬᠢᠲᠡᠢ ᠪᠠᠷ ᠥᠭᠡᠳᠡᠯᠡᠨ ᠲᠠᠪᠰᠢᠬᠤ ᠴᠤᠭ ᠵᠢᠪᠬᠤᠭ᠎ᠠ ᠶᠢ ᠢᠯᠡᠷᠡᠭᠦᠯᠪᠡ᠃ ᠪᠦᠬᠦ ᠰᠢᠶᠠᠨ ᠤ ᠺᠠᠳ᠋ᠷ ᠤᠯᠠᠨ ᠲᠦᠮᠡᠨ ᠢ ᠵᠣᠷᠢᠭᠵᠢᠭᠤᠯᠤᠨ ᠡᠷᠡᠯᠬᠡᠭᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠣᠳᠣᠬᠢᠴᠢᠯᠠᠯᠲᠠ ᠶᠢᠨ ᠭᠠᠷᠮᠠᠭᠠᠢ ᠪᠡᠯᠡ ᠮᠥᠩᠭᠦ ᠶᠢᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠭᠦᠯᠬᠦ ᠬᠡᠷᠡᠭᠲᠡᠢ᠃
  ᠬᠤᠷᠴᠠ ᠰᠢᠷᠦᠭᠦᠨ ᠥᠷᠢᠰᠦᠯᠳᠦᠭᠡᠨ ᠢᠶᠠᠷ ᠲᠠᠮᠵᠢᠨ᠂ ᠵᠦᠸᠧᠽᠢ ᠰᠢᠶᠠᠨ ᠤ ᠰᠢᠨ ᠲᠠᠢ ᠬᠤᠳᠠ ᠶᠢᠨ ᠶᠠᠪᠤᠳᠠᠯ ᠤᠨ ᠺᠣᠮᠫᠠᠨᠢ ᠶᠢᠨ ᠶᠠᠩᠭᠠᠷ  ᠤᠨ ᠠᠩᠭᠢ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠬᠦᠷᠲᠡᠵᠦ᠂ ᠰᠤᠷᠭᠠᠨ ᠬᠥᠮᠦᠵᠢᠯ ᠤᠨ ᠰᠢᠰᠲ᠋ᠥᠮ᠂ ᠾᠧᠨᠠᠨ ᠪᠣᠯᠣᠨ ᠨᠠᠨ ᠶᠣᠣ ᠽᠢ ᠨᠡᠶᠢᠭᠡᠮ ᠲᠣᠭᠤᠷᠢᠭ᠂ ᠲᠦᠷᠪᠡᠨ ᠪᠠᠭ ᠤᠨ ᠶᠠᠩᠭᠠᠷ   ᠤᠨ ᠠᠩᠭᠢ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠥᠮ᠂ ᠳ᠋ᠠ ᠢᠦᠢ ᠱᠣ ᠰᠢᠶᠠᠩ᠂ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠥᠮ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠤᠰᠤᠨ ᠤ ᠶᠠᠩᠭᠠᠷ ᠤᠨ ᠠᠩᠭᠢ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠬᠦᠷᠳᠡᠪᠡ᠃ ᠰᠢᠶᠠᠨ ᠤ ᠤᠳᠤᠷᠢᠳᠤᠯᠭ᠎ᠠ ᠠᠴᠠ ᠱᠠᠩᠨᠠᠯ ᠣᠯᠣᠭᠰᠠᠨ ᠤᠷᠤᠯᠳᠤᠭᠠᠨ ᠳᠤ ᠣᠷᠣᠯᠴᠠᠬᠤ ᠠᠩᠭᠢ ᠳᠤ ᠱᠠᠩᠨᠠᠯ ᠭᠠᠷᠳᠠᠭᠤᠯᠪᠠ᠃                        ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2