ᠵᠦᠸᠧᠽᠢ ᠰᠢᠶᠠᠨ ᠤ ᠬᠤᠯᠪᠣᠭᠠᠲᠤ ᠬᠤᠷᠰᠢᠶ᠎ᠠ ᠶᠢᠨ ᠬᠤᠲᠠ ᠶᠢᠨ ᠪᠣᠭᠤᠮᠲᠠ ᠶᠢᠨ ᠢᠲᠡᠭᠡᠮᠵᠢ ᠶᠢᠨ ᠬᠤᠷᠰᠢᠶ᠎ᠠ ᠶᠢᠨ ᠮᠥᠩᠭᠦᠨ ᠭᠦᠢᠯᠭᠡᠭᠡ ᠶᠢ ︽ᠭᠡᠷ ᠲᠤᠨᠢ ᠬᠦᠷᠭᠡᠵᠦ︾ ᠠᠷᠠᠳ ᠤᠨ ᠰᠡᠳᠬᠢᠯ ᠢ ᠳᠤᠯᠠᠭᠠᠴᠠᠭᠤᠯᠬᠤ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2024/2/25
    ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠲᠤᠯᠤᠭᠠᠨ ᠵᠢᠱᠢᠶᠡᠴᠢ ᠪᠣᠯᠬᠤ︾ ᠵᠡᠷᠭᠡ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠭᠤᠣᠯ ᠠᠵᠢᠯ ᠢᠶᠠᠨ ᠪᠠᠲᠤ ᠰᠠᠬᠢᠵᠤ ᠮᠥᠩᠭᠦᠨ ᠭᠦᠢᠯᠭᠡᠭᠡᠨ ᠤ ︽ᠲᠠᠪᠤᠨ ᠶᠡᠭᠡ ᠶᠠᠪᠤᠳᠠᠯ︾ ᠢ ᠰᠠᠶᠢᠲᠤᠷ ᠪᠢᠴᠢᠵᠦ᠂ ᠦᠨᠳᠦᠰᠦᠨ ᠱᠠᠲᠤᠨ ᠤ ᠣᠯᠠᠨ ᠲᠦᠮᠡᠨ  ᠯᠦᠭᠡ ᠶᠢᠨ ᠬᠠᠷᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠶᠢᠨ ᠲᠥᠯᠥᠭᠡ᠂ ᠣᠶᠢᠷ᠎ᠠ ᠳᠤ᠂ ᠵᠦᠸᠧᠽᠢ ᠰᠢᠶᠠᠨ ᠤ ᠬᠤᠯᠪᠣᠭᠠᠲᠤ ᠬᠤᠷᠰᠢᠶ᠎ᠠ ᠶᠢᠨ ᠬᠤᠲᠠ ᠶᠢᠨ ᠪᠣᠭᠤᠮᠲᠠ ᠶᠢᠨ ᠢᠲᠡᠭᠡᠮᠵᠢ ᠶᠢᠨ ᠬᠤᠷᠰᠢᠶ᠎ᠠ ᠶᠢᠨ ᠬᠢᠨ ︽ᠴᠠᠭᠠᠨ ᠰᠠᠷ᠎ᠠ ᠳᠤ ᠦᠨᠳᠦᠰᠦᠨ ᠱᠠᠲᠤᠨ ᠳᠤ ᠶᠠᠪᠤᠬᠤ︾ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ ᠥᠷᠨᠢᠭᠦᠯᠪᠡ᠃    ᠬᠤᠲᠠ ᠶᠢᠨ ᠪᠣᠭᠤᠮᠲᠠ ᠶᠢᠨ ᠢᠲᠡᠭᠡᠮᠵᠢ ᠶᠢᠨ ᠬᠤᠷᠰᠢᠶ᠎ᠠ ᠶᠢᠨ ᠬᠢᠨ ᠴᠠᠭᠠᠨ ᠰᠠᠷ᠎ᠠ ᠶᠢᠨ ᠪᠣᠷᠤᠯᠠᠭᠤᠯᠭ᠎ᠠ ᠶᠢᠨ ᠬᠥᠭᠵᠢᠯᠲᠡᠢ ᠤᠯᠠᠷᠢᠯ ᠪᠠ ᠨᠤᠲᠤᠭ ᠲᠠᠭᠠᠨ ᠬᠠᠷᠢᠵᠤ ᠰᠢᠨᠡᠯᠡᠬᠦ ᠠᠰᠢᠭᠲᠠᠢ ᠲᠣᠬᠢᠶᠠᠯ ᠢᠶᠠᠷ᠂ ᠬᠠᠷᠢᠶᠠᠨ ᠳᠠᠬᠢ ᠵᠠᠰᠠᠭ ᠵᠠᠬᠢᠷᠭᠠᠨ ᠤ ᠲᠣᠰᠬᠤᠨ ᠳᠤ ᠨᠤᠲᠤᠭ ᠲᠠᠭᠠᠨ ᠪᠤᠴᠠᠭᠰᠠᠨ ᠵᠣᠴᠢᠳ ᠠᠶᠢᠯ ᠡᠷᠦᠬᠡ ᠳᠤ ᠬᠦᠷᠴᠦ ᠢᠲᠡᠭᠡᠮᠵᠢ ᠣᠯᠬᠤ ᠠᠵᠢᠯ ᠢ ᠥᠷᠨᠢᠭᠦᠯᠵᠦ᠂ ᠵᠣᠴᠢᠨ ᠡᠷᠦᠬᠡ ᠶᠢᠨ ᠳᠠᠭᠠᠭᠠᠮᠠᠯ ᠬᠥᠳᠡᠭᠡ ᠲᠣᠰᠬᠤᠨ ᠳᠤ ᠭᠦᠨᠵᠡᠭᠡᠶᠢᠷᠡᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ᠂ ᠮᠥᠩᠭᠦᠨ ᠭᠦᠢᠯᠭᠡᠭᠡᠨ ᠤ ᠮᠡᠳᠡᠯᠭᠡ ᠵᠢᠴᠢ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠷᠢᠰ ᠵᠢᠭᠡᠯᠡᠯᠭᠡ︾ ᠵᠡᠷᠭᠡ ᠴᠢᠨᠠᠷ ᠰᠠᠶᠢᠲᠠᠢ ᠦᠢᠯᠡᠳᠬᠦᠨ ᠢ ᠶᠡᠭᠡ ᠪᠠᠷ ᠤᠬᠠᠭᠤᠯᠤᠨ ᠳᠡᠯᠭᠡᠷᠡᠭᠦᠯᠵᠦ᠂ ᠭᠠᠷ ᠤᠲᠠᠰᠤᠨ ᠤ ᠪᠠᠩᠬᠢ᠂ ᠸᠢᠴᠠᠲ ᠤᠨ ᠵᠢᠵᠢᠭ ᠫᠷᠣᠭ᠍ᠷᠠᠮ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠵᠢᠭᠡᠯᠡᠯᠭᠡ ᠭᠤᠶᠤᠴᠢᠯᠠᠬᠤ ᠶᠢ ᠵᠣᠴᠢᠨ ᠡᠷᠦᠬᠡ ᠳᠤ ᠵᠢᠭᠠᠵᠤ ᠥᠭᠴᠦ᠂ ᠮᠥᠩᠭᠦᠨ ᠭᠦᠢᠯᠭᠡᠭᠡᠨ ᠤ ᠦᠢᠯᠡᠳᠬᠦᠨ ᠢᠶᠠᠷ ᠳᠠᠮᠵᠢᠭᠤᠯᠤᠨ ᠲᠠᠷᠢᠶᠠᠯᠠᠩ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠡᠭᠦᠨ ᠤ ᠬᠠᠮᠲᠤ᠂ ᠪᠠᠭ᠎ᠠ ᠲᠣᠭᠠᠨ ᠤ ᠵᠢᠭᠡᠯᠡᠯᠭᠡ ᠶᠢᠨ ᠪᠠᠷᠢᠮᠵᠢᠶᠠᠵᠢᠭᠤᠯᠤᠯᠲᠠ ᠪᠠᠷ ᠭᠠᠷᠳᠠᠴᠠ ᠪᠣᠯᠭᠠᠵᠤ᠂ ᠰᠢᠯᠵᠢᠮᠡᠯ PAD ᠶᠢ ᠠᠰᠢᠭᠯᠠᠨ ᠵᠢᠭᠡᠯᠡᠯᠭᠡ ᠭᠦᠢᠴᠡᠳᠬᠡᠵᠦ᠂ ᠵᠢᠭᠡᠯᠡᠯᠭᠡ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠰᠬᠠᠢ ᠬᠠᠷᠢᠶᠠᠯᠠᠭᠳᠠᠬᠤ ᠵᠢᠭᠡᠯᠡᠯᠭᠡ ᠲᠠᠯᠪᠢᠬᠤ ᠦᠢᠯᠡᠴᠢᠯᠡᠭᠡᠨ ᠤ ᠴᠣᠩᠬᠤ ᠶᠢ ᠨᠡᠭᠡᠭᠡᠵᠦ᠂ ᠬᠡᠷᠡᠭᠯᠡᠭᠴᠢᠳ ᠲᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠷᠲᠡᠭᠡᠪᠡ᠃ ᠲᠣᠰ ᠠᠵᠢᠯᠯᠠᠭ᠎ᠠ ᠳᠤ ᠨᠡᠶᠢᠲᠡ 132 ᠡᠷᠦᠬᠡ ᠶᠢ ᠰᠤᠷᠪᠤᠯᠵᠢᠯᠠᠵᠤ᠂ 216 ᠨᠡᠶᠢᠭᠡᠮ ᠤᠨ ᠳᠠᠭᠠᠳᠬᠠᠯ ᠤᠨ ᠺᠠᠷᠲ᠂ 98 ᠡᠷᠦᠬᠡ ᠶᠢᠨ ᠢᠲᠡᠭᠡᠮᠵᠢ ᠣᠯᠭᠤᠵᠤ᠂ 1723 ᠲᠦᠮᠡᠨ ᠲᠥᠭᠦᠷᠢᠭ ᠤᠨ ᠢᠲᠡᠭᠡᠮᠵᠢ ᠶᠢᠨ ᠮᠥᠩᠭᠦ ᠣᠯᠭᠤᠵᠠᠢ᠂ ᠡᠭᠦᠨ ᠳᠤ 76 ᠡᠷᠦᠬᠡ ᠶᠢᠨ ᠢᠲᠡᠭᠡᠮᠵᠢ ᠶᠢᠨ ᠮᠥᠩᠭᠦ᠂ 588 ᠲᠦᠮᠡᠨ ᠲᠥᠭᠦᠷᠢᠭ ᠤᠨ ᠢᠲᠡᠭᠡᠮᠵᠢ ᠶᠢᠨ ᠮᠥᠩᠭᠦ ᠥᠭᠴᠡᠢ᠃    ᠬᠤᠲᠠ ᠶᠢᠨ ᠪᠣᠭᠤᠮᠲᠠ ᠶᠢᠨ ᠢᠲᠡᠭᠡᠮᠵᠢ ᠶᠢᠨ ᠬᠤᠷᠰᠢᠶ᠎ᠠ ᠨᠢ ᠭᠠᠵᠠᠷ ᠣᠷᠣᠨ ᠪᠠ ᠵᠣᠴᠢᠳ ᠤᠨ ᠢᠷᠡᠯᠲᠡ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ︽ᠪᠠᠶᠠᠷᠯᠠᠭᠰᠠᠨ ᠤ ᠳᠠᠷᠠᠭ᠎ᠠ ᠵᠠᠯᠭᠠᠭ᠎ᠠ ᠪᠠᠷ ᠭᠡᠷ ᠲᠡᠭᠡᠨ ᠬᠠᠷᠢᠵᠤ ᠰᠢᠨᠡᠯᠡᠬᠦ︾ ᠠᠵᠢᠯᠯᠠᠭ᠎ᠠ ᠪᠠᠷ ᠲᠣᠬᠢᠶᠠᠯ ᠪᠣᠯᠭᠠᠵᠤ᠂ ︽211︾ ᠶᠢᠨ ᠠᠷᠭ᠎ᠠ ᠮᠠᠶ᠋ᠢᠭ ︵ᠳᠠᠷᠤᠢ᠄ ᠡᠳᠦᠷ ᠪᠦᠷᠢ ᠲᠢᠩᠬᠢᠮ ᠲᠢᠩᠬᠢᠮ ᠤᠨ ᠪᠢᠴᠢᠯ ᠰᠠᠯᠤᠨ ᠤ ᠲᠤᠰᠬᠠᠢ ᠠᠵᠢᠯᠯᠠᠭ᠎ᠠ ᠶᠢ 2 ᠤᠳᠠᠭ᠎ᠠ ᠥᠷᠨᠢᠭᠦᠯᠵᠦ᠂ ᠡᠷᠬᠢᠨ ᠲᠣᠭᠤᠷᠢᠨ ᠤ ᠬᠤᠳᠠᠯᠳᠤᠭᠠᠴᠢᠨ ᠢ ᠨᠢᠭᠡ ᠤᠳᠠᠭ᠎ᠠ ᠰᠤᠷᠪᠤᠯᠵᠢᠯᠠᠵᠤ᠂ ᠨᠢᠭᠡ ᠤᠳᠠᠭ᠎ᠠ ᠸᠢᠴᠠᠲ ᠤᠨ ᠮᠡᠳᠡᠭᠡ ᠨᠡᠶᠢᠲᠡᠯᠡᠨ᠎ᠡ︶ ᠢᠶᠠᠷ ᠳᠠᠮᠵᠢᠭᠤᠯᠤᠨ᠂ ᠨᠤᠲᠤᠭ ᠲᠠᠭᠠᠨ ᠪᠤᠴᠠᠭᠰᠠᠨ ᠵᠣᠴᠢᠳ ᠲᠤ ᠣᠨᠴᠠᠯᠢᠭᠲᠤ ᠮᠥᠩᠭᠦᠨ ᠭᠦᠢᠯᠭᠡᠭᠡᠨ ᠤ ᠦᠢᠯᠡᠳᠬᠦᠨ ᠪᠠ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠤᠬᠠᠭᠤᠯᠵᠤ᠂ ᠥᠷᠭᠡᠨ ᠣᠯᠠᠨ ᠬᠡᠷᠡᠭᠯᠡᠭᠴᠢᠳ ᠤᠨ ᠠᠩᠬᠠᠷᠤᠯ ᠤᠨ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃  ᠴᠠᠭᠠᠨ ᠰᠠᠷ᠎ᠠ ᠳᠤ ᠦᠨᠳᠦᠰᠦᠨ ᠱᠠᠲᠤᠨ ᠳᠤ ᠬᠦᠷᠴᠦ᠂ ᠮᠥᠩᠭᠦᠨ ᠭᠦᠢᠯᠭᠡᠭᠡᠨ ᠤ ᠦᠢᠯᠡᠴᠢᠯᠡᠭᠡ  ᠶᠢ ᠳᠤᠯᠠᠭᠠᠴᠠᠭᠤᠯᠤᠨ᠎ᠠ᠃ ᠵᠦᠸᠧᠽᠢ ᠰᠢᠶᠠᠨ ᠤ ᠬᠤᠯᠪᠣᠭᠠᠲᠤ ᠬᠤᠷᠢᠶ᠎ᠠ ︽ᠵᠣᠴᠢᠨ ᠡᠷᠦᠬᠡ ᠪᠠᠷ ᠭᠤᠣᠯ ᠪᠣᠯᠭᠠᠬᠤ︾ᠦᠢᠯᠡᠴᠢᠯᠡᠭᠡᠨ ᠤ ᠣᠶᠢᠯᠠᠭᠠᠭᠳᠠᠬᠤᠨ ᠢ ᠦᠷᠭᠦᠯᠵᠢᠯᠡᠨ ᠦᠢᠯᠡᠳᠦᠯᠭᠡᠵᠢᠭᠦᠯᠵᠦ᠂ ᠰᠢᠶᠠᠨ ᠤ ᠬᠡᠪᠴᠢᠶᠡᠨ ᠤ ᠮᠥᠩᠭᠦᠨ ᠭᠦᠢᠯᠭᠡᠭᠡᠨ ᠤ ᠭᠤᠣᠯ ᠬᠦᠴᠦᠨ ᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠠᠷᠠᠳ ᠤᠯᠠᠨ ᠳᠤ ᠨᠡᠩ ᠥᠨᠳᠥᠷ ᠪᠦᠲᠦᠮᠵᠢᠲᠡᠢ ᠳᠥᠭᠦᠮ ᠳᠥᠲᠡ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠨ᠎ᠠ᠃                         ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2