ᠵᠦᠸᠧᠽᠢ ᠰᠢᠶᠠᠨ᠄ ᠲᠠᠩᠰᠤᠭ ᠰᠠᠶᠢᠬᠠᠨ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠨᠢ ᠰᠠᠶᠢᠨ ᠰᠠᠶᠢᠬᠠᠨ ᠰᠢᠨ᠎ᠡ ᠰᠤᠷᠤᠯᠭ᠎ᠠ ᠶᠢᠨ ᠬᠤᠭᠤᠴᠠᠭ᠎ᠠ ᠪᠠᠨ ᠡᠬᠢᠯᠡᠭᠦᠯᠪᠡ
ᠨᠡᠶᠢᠲᠡᠯᠡᠭᠰᠡᠨ ᠴᠠᠭ᠄
2024/2/27
     ᠲᠦᠮᠡᠨ ᠪᠣᠳᠠᠰ ᠤᠨ ᠰᠡᠷᠭᠦᠯᠲᠡ ᠶᠢᠨ ᠤᠯᠠᠷᠢᠯ ᠳᠤ᠂ ᠪᠠᠭᠠᠴᠤᠤᠯ ᠤᠨ ᠠᠭᠤᠯᠵᠠᠬᠤ ᠴᠠᠭ᠃ 2 ᠰᠠᠷ᠎ᠠ ᠶᠢᠨ 27 ᠤ ᠡᠳᠦᠷ᠂ ᠵᠦᠸᠧᠽᠢ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠳ ᠰᠤᠷᠤᠯᠭ᠎ᠠ ᠡᠬᠢᠯᠡᠬᠦ ᠤᠯᠠᠷᠢᠯ ᠢᠶᠠᠨ ᠤᠭᠲᠤᠨ ᠠᠪᠴᠢᠷᠠᠯ᠎ᠠ᠃ ᠡᠯ᠎ᠡ ᠰᠤᠷᠭᠠᠭᠤᠯᠢ ᠶᠢᠨ ᠬᠢᠨ ᠦᠵᠡᠯ ᠰᠠᠨᠠᠭᠠᠨ ᠤ ᠬᠥᠮᠦᠵᠢᠯ᠂ ᠠᠮᠤᠷ ᠲᠦᠪᠰᠢᠨ ᠤ ᠬᠥᠮᠦᠵᠢᠯ᠂ ᠤᠯᠠᠮᠵᠢᠯᠠᠯᠲᠤ ᠬᠥᠮᠦᠵᠢᠯ ᠵᠡᠷᠭᠡ ᠲᠠᠯ᠎ᠠ ᠪᠠᠷ ᠣᠯᠠᠨ ᠶᠠᠩᠵᠤ ᠶᠢᠨ ᠬᠡᠯᠪᠡᠷᠢ ᠲᠠᠢ᠂ ᠡᠯᠪᠡᠭ ᠪᠠᠶᠠᠯᠢᠭ ᠠᠭᠤᠯᠭ᠎ᠠ ᠲᠠᠢ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠢ ᠵᠣᠬᠢᠶᠠᠨ ᠪᠠᠶᠢᠭᠤᠯᠵᠤ᠂ ᠰᠤᠷᠤᠭᠴᠢᠳ ᠢ ᠴᠣ᠋ ᠰᠢᠨ᠎ᠡ ᠳᠦᠷᠰᠦ ᠪᠠᠶᠢᠳᠠᠯ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ︽ᠣᠷᠭᠢᠯᠤᠮ᠎ᠠ ᠬᠠᠯᠠᠭᠤᠨ︾ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠡᠬᠢᠯᠡᠭᠦᠯᠦᠭᠰᠡᠨ ᠪᠠᠶᠢᠨ᠎ᠠ᠃     ᠰᠢᠨ᠎ᠡ ᠰᠤᠷᠤᠯᠭ᠎ᠠ ᠶᠢᠨ ᠬᠤᠭᠤᠴᠠᠭ᠎ᠠ ᠡᠬᠢᠯᠡᠭᠰᠡᠨ ᠠᠩᠬᠠᠨ ᠤ ᠡᠳᠦᠷ᠂ ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠰᠤᠷᠭᠠᠭᠤᠯᠢ ︵ᠪᠠᠭ᠎ᠠ ᠰᠤᠷᠭᠠᠭᠤᠯᠢ ᠶᠢᠨ ᠬᠡᠯᠲᠡᠰ︶ ᠠᠴᠠ ᠰᠤᠷᠤᠭᠴᠢᠳ ᠲᠤ ᠰᠤᠷᠭᠠᠭᠤᠯᠢ ᠳᠤ ᠣᠷᠣᠬᠤ ᠰᠢᠨ᠎ᠡ ᠰᠡᠪᠡᠭᠦᠨ ᠶᠣᠰᠣᠯᠠᠯ ᠢ ᠪᠡᠯᠡᠳᠬᠡᠵᠦ ᠥᠭᠪᠡ᠃ ᠬᠥᠭᠡᠷᠦᠬᠦᠨ ︽ᠨᠡᠷᠡᠨ ᠬᠤᠸᠠᠷ︾ ᠰᠤᠷᠭᠠᠭᠤᠯᠢ ᠶᠢᠨ ᠡᠭᠦᠳᠡᠨ ᠤ ᠬᠤᠶᠠᠷ ᠲᠠᠯ᠎ᠠ ᠳᠤ ᠲᠤᠰ ᠲᠤᠰ ᠵᠣᠭᠰᠣᠵᠤ᠂ ᠰᠤᠷᠤᠭᠴᠢᠳ ᠤᠨ ᠪᠤᠴᠠᠵᠤ ᠢᠷᠡᠬᠦ ᠶᠢ ᠤᠭᠲᠤᠪᠠ᠃    ᠴᠠᠭᠠᠨ ᠰᠠᠷ᠎ᠠ ᠥᠩᠭᠡᠷᠡᠮᠡᠭᠴᠡ ᠤᠯᠠᠮᠵᠢᠯᠠᠯᠲᠤ ᠰᠣᠶᠣᠯ ᠤᠨ ᠠᠭᠤᠷ ᠠᠮᠢᠰᠬᠤᠯ ᠢᠶᠠᠷ ᠬᠠᠮᠤᠭ ᠤᠨ ᠥᠳᠬᠡᠨ ᠴᠠᠭ ᠦᠶ᠎ᠡ ᠪᠣᠯᠳᠠᠭ᠂ ᠡᠶᠢᠮᠦᠷᠬᠦᠦ ᠠᠭᠤᠷ ᠠᠮᠢᠰᠬᠤᠯ ᠤᠨ ᠳᠣᠣᠷ᠎ᠠ᠂ ᠤᠯᠠᠮᠵᠢᠯᠠᠯᠲᠤ ᠰᠣᠶᠣᠯ  ᠢ ︿ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ﹀ ᠳᠤ ᠠᠭᠤᠰᠬᠠᠨ ᠣᠷᠣᠭᠤᠯᠬᠤ ᠨᠢ ᠴᠠᠭ ᠲᠠᠭᠠᠨ ᠲᠣᠬᠢᠷᠠᠭᠰᠠᠨ ᠢᠶᠠᠷ ᠪᠠᠷᠠᠬᠤ ᠦᠭᠡᠢ ᠪᠠᠰᠠ ᠴᠤ ᠤᠯᠠᠮᠵᠢᠯᠠᠯᠲᠤ ᠰᠣᠶᠣᠯ  ᠢ ᠦᠷᠭᠦᠯᠵᠢᠯᠡᠨ ᠪᠠᠳᠠᠷᠠᠭᠤᠯᠵᠤ ᠪᠠᠶᠢᠭ᠎ᠠ ᠶᠠᠪᠤᠳᠠᠯ ᠮᠥᠨ᠂ ᠡᠭᠦᠨ ᠤ ᠵᠡᠷᠭᠡ ᠳᠤ ᠤᠯᠠᠮᠵᠢᠯᠠᠯᠲᠤ ᠰᠣᠶᠣᠯ ᠤᠨ ᠰᠢᠮᠡᠳᠦᠯ ᠨᠢ ᠶᠣᠰᠣ ᠰᠤᠷᠲᠠᠬᠤᠨ ᠤ ᠬᠥᠮᠦᠵᠢᠯ ᠳᠤ ᠠᠰᠢᠭᠲᠠᠢ ᠪᠠᠷ ᠪᠠᠷᠠᠬᠤ ᠦᠭᠡᠢ᠂ ᠬᠡᠯᠡ ᠪᠢᠴᠢᠭ ᠤᠨ ᠬᠢᠴᠢᠶᠡᠯ ᠤᠨ ᠶᠡᠷᠦᠩᠬᠡᠶᠢᠯᠡᠭᠰᠡᠨ ᠦᠢᠯᠡᠳᠦᠯᠭᠡ  ᠶᠢᠨ ᠴᠢᠳᠠᠪᠤᠷᠢ  ᠶᠢ ᠳᠡᠭᠡᠭᠰᠢᠯᠡᠭᠦᠯᠬᠦ ᠳᠤ ᠴᠦ ᠲᠤᠶᠢᠯ ᠤᠨ ᠶᠡᠭᠡ ᠬᠠᠪᠰᠤᠷᠤᠮᠵᠢ ᠪᠣᠯᠬᠤ ᠶᠤᠮ᠃ ᠰᠤᠷᠤᠭᠴᠢᠳ ᠤᠨ ᠰᠢᠨ᠎ᠡ ᠨᠢᠭᠡᠨ ᠵᠢᠯ ᠳᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠵᠠᠯᠭᠠᠮᠵᠢᠯᠠᠭᠴᠢ ᠪᠣᠯᠬᠤ ᠶᠢ ᠬᠦᠰᠡᠵᠦ ᠪᠠᠶᠢᠨ᠎ᠠ᠃   ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠭᠢ ᠶᠢᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠬᠢᠬᠦ ᠶᠢᠨ ᠲᠥᠯᠥᠭᠡ᠂ ᠪᠠᠭᠰᠢ ᠰᠤᠷᠤᠭᠴᠢᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠠᠩᠭᠢ ᠶᠢᠨ ᠪᠤᠶᠢᠵᠢᠯᠲᠠ ᠶᠢᠨ ᠬᠠᠷᠠᠯᠲᠠ ᠶᠢ ᠬᠠᠮᠲᠤ ᠪᠠᠷ ᠰᠠᠶᠢᠲᠤᠷ ᠲᠣᠭᠲᠠᠭᠠᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠴᠠᠯᠭ᠎ᠠ ᠠᠮᠢᠳᠤᠷᠠᠯ ᠤᠨ 4 ᠳ᠋ᠦᠭᠡᠷ ᠣᠨ ᠤ 2 ᠳ᠋ᠤᠭᠠᠷ ᠠᠩᠭᠢ ᠶᠢᠨ ᠭᠤᠣᠯ ᠰᠡᠳᠦᠪᠲᠦ ᠠᠩᠭᠢ ᠶᠢᠨ ᠬᠤᠷᠠᠯ ᠳᠡᠭᠡᠷ᠎ᠡ᠂ ᠠᠩᠭᠢ ᠶᠢᠨ ᠡᠷᠬᠢᠯᠡᠭᠴᠢ ᠹᠧᠩ ᠰᠢᠶᠣᠣ ᠰᠢᠤᠸᠠᠢ ᠶᠠᠭ ᠰᠠᠶᠢᠬᠠᠨ ᠰᠤᠷᠤᠭᠴᠢᠳ ᠤᠨ ᠡᠪᠦᠯ ᠤᠨ ᠠᠮᠠᠷᠠᠯᠲᠠ ᠶᠢᠨ ᠰᠤᠷᠤᠯᠴᠠᠯᠭ᠎ᠠ᠂ ᠡᠯ᠎ᠡ ᠵᠦᠢᠯ ᠤᠨ ᠦᠢᠯᠡᠳᠦᠯᠭᠡ ᠶᠢᠨ ᠠᠵᠢᠯᠯᠠᠭ᠎ᠠ ᠶᠢ ᠪᠡᠶᠡᠯᠡᠭᠦᠯᠦᠭᠰᠡᠨ ᠪᠠᠶᠢᠳᠠᠯ ᠢ ᠳ᠋ᠦᠩᠨᠡᠵᠦ᠂ ᠠᠩᠭᠢ ᠶᠢᠨ ᠦᠵᠡᠭᠦᠯᠦᠯᠭᠡ ᠶᠢᠨ ᠦᠨᠡᠯᠡᠯᠲᠡ ᠬᠢᠵᠦ᠂ ᠰᠤᠷᠤᠭᠴᠢᠳ ᠲᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠣᠷᠢᠭᠵᠢᠭᠤᠯᠤᠯ ᠪᠠ ᠬᠦᠰᠡᠯ ᠡᠷᠡᠮᠡᠯᠵᠡᠯ ᠣᠯᠭᠤᠵᠤ ᠪᠠᠶᠢᠨ᠎ᠠ᠃     ᠰᠢᠨ᠎ᠡ ᠰᠤᠷᠤᠯᠭ᠎ᠠ ᠶᠢᠨ ᠬᠤᠭᠤᠴᠠᠭᠠᠨ ᠳᠤ ᠪᠢ ᠨᠡᠩ ᠢᠯᠡᠭᠦᠦ ᠴᠢᠷᠮᠠᠶᠢᠨ ᠰᠤᠷᠤᠯᠴᠠᠵᠤ᠂ ᠥᠪᠡᠷ ᠤᠨ ᠰᠤᠷᠤᠯᠭ᠎ᠠ ᠳᠠᠭᠠᠨ ᠣᠯᠣᠯᠲᠠ ᠲᠠᠢ ᠪᠣᠯᠬᠤ ᠶᠢ ᠬᠦᠰᠡᠵᠦ᠂ ᠴᠤᠭ ᠪᠠᠳᠠᠷᠠᠩᠭᠤᠢ᠂ ᠥᠭᠡᠳᠡᠯᠡᠨ ᠲᠠᠪᠰᠢᠭᠰᠠᠨ ᠰᠠᠶᠢᠨ ᠵᠠᠯᠠᠭᠤ ᠪᠣᠯᠬᠤ ᠶᠢ ᠬᠦᠰᠡᠨ᠎ᠡ᠃    ᠰᠠᠷ᠎ᠠ ᠭᠠᠷᠤᠢ ᠶᠢᠨ ᠡᠪᠦᠯ ᠤᠨ ᠠᠮᠠᠷᠠᠯᠲᠠ ᠪᠠᠨ ᠳᠠᠭᠤᠰᠬᠠᠭᠠᠳ᠂ ᠡᠯ᠎ᠡ ᠠᠩᠭᠢ ᠶᠢᠨ ᠠᠩᠭᠢ ᠶᠢᠨ ᠡᠷᠬᠢᠯᠡᠭᠴᠢ ᠵᠢᠭᠠᠨ ᠰᠤᠷᠭᠠᠯᠲᠠ ᠶᠢᠨ ᠲᠥᠯᠥᠪᠯᠡᠭᠡ ᠪᠠᠨ ᠡᠷᠲᠡᠬᠡᠨ ᠲᠤᠭᠤᠷᠪᠢᠭᠰᠠᠨ ᠪᠠᠶᠢᠨ᠎ᠠ᠃    ᠰᠢᠨ᠎ᠡ ᠠᠶᠤᠩᠭ᠎ᠠ ᠶᠢᠨ ᠨᠢᠭᠡᠳᠦᠭᠡᠷ ᠲᠠᠭᠤᠨ ᠢ ᠬᠦᠯᠢᠶᠡᠬᠦ ᠶᠢᠨ ᠲᠥᠯᠥᠭᠡ ᠮᠢᠩᠭ᠎ᠠ ᠲᠦᠮᠡᠨ ᠤᠯᠠᠭᠠᠨ ᠥᠩᠭᠡ ᠶᠢ ᠲᠣᠬᠢᠷᠠᠭᠤᠯᠤᠯ᠎ᠠ᠃ ᠡᠯᠪᠡᠭ ᠪᠠᠶᠠᠯᠢᠭ ᠠᠭᠤᠯᠭ᠎ᠠ ᠲᠠᠢ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠨᠢ ᠰᠤᠷᠤᠭᠴᠢᠳ  ᠢ ᠠᠯᠢ ᠲᠦᠷᠭᠡᠨ  ᠢᠶᠠᠷ ᠠᠮᠤᠷ ᠲᠦᠪᠰᠢᠨ ᠡᠮᠬᠢ ᠵᠢᠷᠤᠮ  ᠲᠠᠢ᠂ ᠪᠣᠯᠪᠠᠰᠤᠨ ᠶᠣᠰᠣᠷᠬᠠᠭ᠂ ᠪᠡᠶ᠎ᠡ ᠪᠠᠨ ᠪᠠᠷᠢᠵᠤ ᠥᠪᠡᠷ  ᠢ ᠪᠠᠨ ᠬᠦᠴᠦᠷᠬᠡᠭᠵᠢᠭᠦᠯᠬᠦ᠂ ᠥᠭᠡᠳᠡᠯᠡᠨ ᠳᠠᠪᠰᠢᠬᠤ ᠰᠠᠶᠢᠨ ᠰᠠᠶᠢᠬᠠᠨ ᠪᠠᠶᠢᠳᠠᠯ ᠳᠤ ᠬᠦᠷᠭᠡᠬᠦ ᠪᠥᠭᠡᠳ ᠰᠤᠷᠤᠭᠴᠢᠳ ᠤᠨ ᠡᠷᠡᠭᠦᠯ ᠰᠠᠷᠠᠭᠤᠯ ᠥᠭᠡᠳᠡᠷᠬᠡᠭ ᠰᠡᠳᠬᠢᠯᠭᠡ ᠪᠠᠷ ᠰᠢᠨ᠎ᠡ ᠰᠤᠷᠤᠯᠭ᠎ᠠ  ᠶᠢᠨ ᠬᠤᠭᠤᠴᠠᠭᠠᠨ ᠤ ᠰᠤᠷᠤᠯᠴᠠᠯᠭ᠎ᠠ ᠠᠮᠢᠳᠤᠷᠠᠯ ᠳᠤ ᠣᠷᠣᠯᠴᠠᠬᠤ  ᠶᠢ ᠦᠨᠡᠨ ᠬᠦ ᠪᠠᠲᠤᠯᠠᠬᠤ ᠪᠣᠯᠣᠨ᠎ᠠ᠃                         ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2