ᠵᠦᠸᠧᠽᠢ ᠰᠢᠶᠠᠨ ᠤ ︽ᠲᠡᠦᠬᠡ ᠶᠢᠨ ᠳᠤᠷᠠᠰᠬᠠᠯᠲᠤ ᠵᠦᠢᠯᠡᠰ ᠲᠤ ᠣᠷᠣᠵᠤ ᠲᠡᠦᠬᠡ ᠶᠢ ᠲᠡᠮᠲᠡᠷᠢᠬᠦ︾ ᠰᠣᠶᠣᠯ ᠲᠡᠦᠬᠡ ᠶᠢᠨ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2024/3/1
    2 ᠰᠠᠷ᠎ᠠ ᠶᠢᠨ 24  ᠤ ᠡᠳᠦᠷ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠵᠦᠸᠧᠽᠢ ᠰᠢᠶᠠᠨ ᠤ︽ᠲᠡᠦᠬᠡ ᠶᠢᠨ ᠳᠤᠷᠠᠰᠬᠠᠯᠲᠤ ᠵᠦᠢᠯᠡᠰ ᠲᠤ ᠣᠷᠣᠵᠤ ᠲᠡᠦᠬᠡ ᠶᠢ ᠲᠡᠮᠲᠡᠷᠢᠬᠦ︾ᠰᠣᠶᠣᠯ ᠲᠡᠦᠬᠡ ᠶᠢᠨ ᠦᠵᠡᠭᠦᠯᠦᠯᠭᠡ ᠰᠢᠶᠠᠨ ᠤ ᠰᠣᠶᠣᠯ ᠵᠤᠭᠠᠴᠠᠯ ᠤᠨ ᠲᠣᠮᠣ ᠠᠰᠠᠷ ᠤᠨ ᠮᠦᠽᠧᠢ ᠳᠤ ᠶᠠᠪᠤᠭᠳᠠᠪᠠ᠃ ᠮᠦᠽᠧᠢ ᠳᠤ ᠪᠠᠯᠠᠷ ᠡᠷᠲᠡᠨ ᠠᠴᠠ ᠣᠷᠴᠢᠨ ᠦᠶ᠎ᠡ ᠬᠦᠷᠲᠡᠯᠡᠬᠢ ᠲᠡᠦᠬᠡ  ᠶᠢᠨ ᠶᠠᠪᠤᠴᠠ  ᠶᠢ ᠣᠶᠢᠯᠠᠭᠠᠵᠤ ᠪᠣᠯᠬᠤ ᠪᠥᠭᠡᠳ ᠲᠡᠦᠬᠡ  ᠶᠢᠨ ᠳᠤᠷᠠᠰᠬᠠᠯᠲᠤ ᠵᠦᠢᠯ  ᠢ ᠣᠶᠢᠷ᠎ᠠ ᠵᠠᠢ  ᠠᠴᠠ ᠦᠵᠡᠵᠦ ᠪᠣᠯᠬᠤ ᠪᠥᠭᠡᠳ ᠬᠥᠮᠥᠰ ᠲᠤ ᠭᠦᠨ ᠭᠦᠨᠵᠡᠭᠡᠢ᠂ ᠥᠪᠡᠷᠮᠢᠴᠡ ᠣᠨᠴᠠᠯᠢᠭ  ᠲᠠᠢ᠂ ᠭᠡᠷᠡᠯ ᠰᠠᠴᠤᠷᠠᠩᠭᠤᠢ᠂ ᠥᠨᠢ ᠤᠳᠠᠭᠠᠨ ᠲᠡᠦᠬᠡ ᠰᠣᠶᠣᠯ  ᠢ ᠮᠡᠳᠡᠷᠡᠭᠦᠯᠵᠦ ᠪᠣᠯᠬᠤ ᠶᠤᠮ᠃
   ᠦᠵᠡᠭᠦᠯᠦᠯᠭᠡ  ᠶᠢᠨ ᠲᠢᠩᠬᠢᠮ ᠳᠤ ᠣᠷᠣᠬᠤ ᠳᠤ᠂ ᠲᠡᠦᠬᠡ  ᠶᠢᠨ ᠤᠷᠲᠤ ᠠᠶᠠᠨ ᠳᠤ ᠵᠤᠭᠠᠴᠠᠨ ᠲᠣᠭᠤᠷᠢᠵᠤ ᠪᠠᠶᠢᠭ᠎ᠠ ᠮᠡᠲᠦ᠂ ᠬᠥᠮᠥᠰ ᠲᠤ ᠨᠢᠭᠡᠨ ᠤᠳᠠᠭᠠᠨ ᠤ ᠴᠠᠭ ᠤᠨ ᠠᠶᠠᠯᠠᠯ  ᠢ ᠣᠶᠢᠯᠠᠭᠠᠭᠤᠯᠤᠭᠰᠠᠨ ᠪᠠᠶᠢᠨ᠎ᠠ᠃ ᠮᠦᠽᠧᠢ ᠳᠤ ᠳᠡᠯᠭᠡᠨ ᠦᠵᠡᠭᠦᠯᠵᠦ ᠪᠠᠶᠢᠭ᠎ᠠ ᠲᠡᠦᠬᠡ  ᠶᠢᠨ ᠳᠤᠷᠠᠰᠬᠠᠯᠲᠤ ᠵᠦᠢᠯᠡᠰ ᠤᠨ ᠲᠥᠷᠥᠯ ᠵᠦᠢᠯ ᠡᠯᠪᠡᠭ ᠪᠠᠶᠠᠯᠢᠭ᠂ ᠶᠣᠭᠲᠠ ᠤᠳᠬ᠎ᠠ ᠭᠦᠨ ᠭᠦᠨᠵᠡᠭᠡᠢ᠂ ᠡᠷᠲᠡᠨ ᠤ ᠬᠠᠭᠤᠴᠢᠨ ᠲᠡᠦᠬᠡ  ᠶᠢᠨ ᠬᠡᠷᠡᠯ ᠵᠢᠷᠤᠭ᠂ ᠨᠠᠷᠢᠨ ᠪᠣᠳᠠᠲᠠᠢ ᠲᠠᠩᠰᠠ ᠡᠪᠬᠡᠮᠡᠯ ᠤᠨ ᠮᠠᠲ᠋ᠧᠷᠢᠶᠠᠯ᠂ ᠠᠮᠢᠳᠤᠯᠢᠭ ᠵᠢᠷᠤᠭ ᠳᠦᠷᠰᠦ᠂ ᠦᠨᠡᠨ ᠪᠣᠳᠠᠲᠠᠢ ᠰᠡᠷᠭᠦᠭᠡᠯᠲᠡ  ᠶᠢᠨ ᠦᠵᠡᠮᠵᠢ ᠵᠡᠷᠭᠡ  ᠶᠢ ᠪᠠᠭᠲᠠᠭᠠᠭᠰᠠᠨ ᠡᠯ᠎ᠡ ᠲᠡᠦᠬᠡᠨ ᠴᠠᠭ ᠦᠶ᠎ᠡ  ᠶᠢᠨ ᠬᠤᠪᠣᠷ ᠨᠠᠨᠳᠢᠨ ᠳᠡᠯᠭᠡᠨ ᠦᠵᠡᠭᠦᠯᠦᠯᠭᠡ  ᠶᠢᠨ ᠵᠦᠢᠯᠡᠰ ᠪᠣᠶ᠂ ᠡᠭᠦᠨ ᠳᠤ ᠡᠷᠲᠡᠨ ᠤ ᠬᠠᠭᠤᠴᠢᠨ ᠲᠡᠦᠬᠡ  ᠶᠢᠨ ᠬᠡᠷᠡᠯ ᠵᠢᠷᠤᠭ᠂ ᠨᠠᠷᠢᠨ ᠪᠣᠳᠠᠲᠠᠢ ᠲᠠᠩᠰᠠ ᠡᠪᠬᠡᠮᠡᠯ ᠤᠨ ᠮᠠᠲ᠋ᠧᠷᠢᠶᠠᠯ᠂ ᠠᠮᠢᠳᠤᠯᠢᠭ ᠵᠢᠷᠤᠭ ᠳᠦᠷᠰᠦ ᠰᠢᠩᠭᠡᠭᠡᠯᠲᠡ᠂ ᠦᠨᠡᠨ ᠪᠣᠳᠠᠲᠠᠢ ᠰᠡᠷᠭᠦᠭᠡᠯᠲᠡ  ᠶᠢᠨ ᠦᠵᠡᠮᠵᠢ ᠵᠡᠷᠭᠡ ᠪᠣᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠦᠨᠳᠦᠰᠦᠲᠡᠨ ᠤ ᠲᠤᠰᠠᠭᠠᠷ ᠲᠣᠭᠲᠠᠨᠢᠯ ᠪᠣᠯᠣᠨ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠲᠡᠮᠡᠴᠡᠵᠦ ᠪᠠᠶᠢᠭ᠎ᠠ ᠪᠠᠶᠢᠳᠠᠯ ᠢ ᠬᠥᠮᠥᠰ ᠲᠤ ᠮᠡᠳᠡᠷᠡᠭᠦᠯᠪᠡ᠃
ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯᠡᠰ ᠪᠣᠯ ᠨᠢᠭᠡ ᠨᠢᠭᠡ ᠪᠠᠷ ᠢᠶᠠᠨ ᠴᠠᠷᠴᠠᠮᠠᠯ ᠲᠡᠦᠬᠡ ᠶᠢᠨ ᠬᠤᠷᠣᠮ ᠮᠥᠨ᠂ ᠭᠡᠪᠡᠴᠦ ᠲᠡᠳᠡ ᠶᠡᠷᠦ ᠠᠴᠠ ᠵᠣᠭᠰᠣᠩᠭᠢ ᠪᠢᠰᠢ᠂ ᠨᠢᠭᠡ ᠨᠢᠭᠡ ᠵᠦᠢᠯ ᠤᠨ ᠲᠡᠦᠬᠡ ᠶᠢᠨ ᠳᠤᠷᠠᠰᠬᠠᠯᠲᠤ ᠵᠦᠢᠯᠡᠰ ᠨᠢ ᠨᠢᠭᠡ ᠤᠯᠤᠰ ᠤᠨ ᠲᠡᠦᠬᠡ ᠶᠢᠨ ᠦᠰᠦᠷᠦᠯᠲᠡ ᠶᠢ ᠭᠡᠷᠡᠴᠢᠯᠡᠵᠦ ᠪᠠᠶᠢᠳᠠᠭ᠃ ᠲᠠᠶᠢᠯᠪᠤᠷᠢᠯᠠᠭᠴᠢ ᠶᠢᠨ ᠲᠠᠶᠢᠯᠪᠤᠷᠢᠯᠠᠭᠰᠠᠨ ᠢᠶᠠᠷ᠂ ᠤᠯᠠᠨ ᠢᠶᠠᠷ ᠢᠶᠠᠨ ᠲᠡᠦᠬᠡ ᠰᠣᠶᠣᠯ ᠤᠨ ᠥᠪ ᠤᠨ ᠠᠷᠤ ᠳᠠᠬᠢ ᠠᠮᠢᠳᠤᠯᠢᠭ ᠦᠯᠢᠭᠡᠷ ᠢ ᠨᠠᠷᠢᠨ ᠬᠢᠨᠠᠮᠠᠭᠠᠢ ᠰᠣᠨᠣᠰᠴᠤ᠂ ᠮᠠᠨ ᠤ ᠰᠢᠶᠠᠨ ᠳᠤ ᠯᠠ ᠪᠠᠶᠢᠳᠠᠭ︽ᠰᠣᠶᠣᠯ ᠤᠨ ᠴᠢᠰᠤᠨ ᠰᠤᠳᠠᠰᠤ︾ᠪᠠ︽ᠬᠤᠪᠢᠰᠬᠠᠯ ᠤᠨ ᠭᠦ᠋ᠨ︾ ᠢ ᠣᠶᠢᠯᠠᠭᠠᠪᠠ᠃
  ᠵᠦᠸᠧᠽᠢ ᠪᠣᠯ ᠥᠨᠢ ᠤᠳᠠᠭᠠᠨ ᠲᠡᠦᠬᠡ ᠲᠠᠢ᠂ ᠭᠠᠵᠠᠷ ᠤᠨ ᠰᠠᠬᠢᠭᠤᠯᠰᠤᠨ ᠭᠠᠷᠮᠠᠭᠠᠢ ᠬᠡᠮᠡᠷᠯᠢᠭ ᠬᠠᠳᠬᠤᠮᠠᠯ ᠤᠨ ᠬᠤᠲᠠ ᠶᠤᠮ᠂ ᠠᠯᠢ ᠡᠷᠲᠡ 10000 ᠭᠠᠷᠤᠢ ᠵᠢᠯ ᠤᠨ ᠡᠮᠦᠨᠡᠬᠢ ᠬᠠᠭᠤᠴᠢᠨ ᠴᠢᠯᠠᠭᠤᠨ ᠵᠡᠪᠰᠡᠭ ᠤᠨ ᠦᠶ᠎ᠡ ᠶᠢᠨ ᠰᠡᠭᠦᠯᠴᠢ ᠶᠢᠨ ᠦᠶ᠎ᠡ ᠳᠤ᠂ ᠬᠥᠮᠥᠨ ᠲᠥᠷᠥᠯᠬᠢᠲᠡᠨ ᠤ ᠡᠪᠦᠭᠡ ᠳᠡᠭᠡᠳᠦᠰ ᠳᠠᠷᠤᠢ ᠠᠳᠡ ᠦᠷᠡᠵᠢᠨ ᠳᠡᠯᠭᠡᠷᠡᠵᠦ ᠪᠠᠶᠢᠵᠠᠢ᠃ ᠾᠦᠩᠨᠦ᠂ ᠰᠢᠶᠡᠨᠪᠢ᠂ ᠬᠢᠳᠠᠨ᠂ ᠮᠣᠩᠭᠤᠯ ᠵᠡᠷᠭᠡ ᠦᠨᠳᠦᠰᠦᠲᠡᠨ ᠨᠦᠭᠦᠳ ᠠᠳᠡ ᠭᠡᠷᠡᠯ ᠰᠠᠴᠤᠷᠠᠩᠭᠤᠢ ᠲᠠᠯ᠎ᠠ ᠨᠤᠲᠤᠭ ᠤᠨ ᠪᠣᠯᠪᠠᠰᠤᠨ ᠢ ᠬᠠᠮᠲᠤᠪᠠᠷ ᠡᠭᠦᠳᠦᠨ ᠪᠦᠲᠦᠭᠡᠭᠰᠡᠨ ᠪᠠᠶᠢᠨ᠎ᠠ᠃                         ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2