ᠵᠦᠸᠧᠽᠢ ᠱᠠᠨ ᠪᠠᠯᠭᠠᠰᠤ 2024 ᠣᠨ ᠤ ᠨᠢᠭᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 18 ᠤ ᠡᠳᠦᠷ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ᠂ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠬᠠᠮᠲᠤᠷᠠᠨ ᠡᠷᠭᠢᠯᠡᠵᠦ᠂ ᠵᠦᠸᠧᠽᠢ ᠱᠠᠨ ᠪᠠᠯᠭᠠᠰᠤᠨ ᠤ ᠨᠠᠮ ᠤᠨ ᠬᠤᠷᠢᠶ᠎ᠠ ᠠᠴᠠ ᠳᠠᠭᠠᠭᠠᠨ ᠡᠷᠭᠢᠯᠡᠭᠰᠡᠨ ︽ᠵᠦᠸᠧᠽᠢ ᠰᠢᠶᠠᠨ ᠤ 2024 ᠣᠨ ᠤ ᠨᠢᠭᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠴᠢ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ︾ ᠪᠠᠯᠭᠠᠰᠤᠨ ᠤ ᠵᠠᠰᠠᠭ ᠤᠨ ᠣᠷᠳᠣᠨ ᠤ ᠬᠤᠶᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ ᠶᠠᠪᠤᠭᠳᠠᠵᠤ᠂ ᠵᠦᠸᠧᠽᠢ ᠱᠠᠨ ᠪᠠᠯᠭᠠᠰᠤᠨ ᠤ ᠪᠥᠬᠦ ᠺᠠᠳ᠋ᠷᠴᠤᠳ ᠣᠷᠣᠯᠴᠠᠵᠠᠢ᠃   ᠠᠵᠢᠯᠯᠠᠭ᠎ᠠ  ᠶᠢᠨ ᠳᠤᠮᠳᠠ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ  ᠶᠢᠨ ᠪᠠᠭᠰᠢ ᠨᠠᠷ ︽ᠨᠠᠮ ᠤᠨ ᠠᠴᠢ  ᠶᠢ ᠣᠶᠢᠯᠠᠭᠠᠵᠤ᠂ ᠨᠠᠮ ᠤᠨ ᠦᠭᠡ  ᠶᠢ ᠰᠣᠨᠣᠰᠴᠤ᠂ ᠨᠠᠮ ᠢᠶᠠᠨ ᠳᠠᠭᠠᠬᠤ︾ ᠶᠢᠨ ᠲᠣᠭᠤᠷᠢᠨ ᠳᠤ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠨᠠᠮ ᠤᠨ ᠭᠡᠰᠢᠭᠦᠨ ᠺᠠᠳ᠋ᠷᠴᠤᠳ ᠲᠤ ︽ᠵᠢᠷᠭᠤᠭᠠᠨ ᠥᠭᠦᠯᠡᠪᠦᠷᠢ  ᠶᠢᠨ ᠪᠣᠳᠠᠲᠤ ᠬᠡᠷᠡᠭ ᠪᠠ ᠶᠣᠰᠣ ᠤᠴᠢᠷ︾ ᠤᠨ ᠪᠠᠶᠠᠯᠢᠭ ᠠᠭᠤᠯᠤᠭᠳᠠᠬᠤᠨ ᠪᠠ ᠪᠣᠳᠠᠲᠤ ᠠᠴᠢ ᠬᠤᠯᠪᠣᠭᠳᠠᠯ  ᠢ ᠭᠦᠨᠵᠡᠭᠡᠢ ᠲᠠᠶᠢᠯᠪᠤᠷᠢᠯᠠᠵᠤ ᠥᠭᠴᠡᠢ᠃   ᠠᠵᠢᠯᠯᠠᠭ᠎ᠠ ᠶᠢᠨ ᠵᠣᠷᠢᠯᠭ᠎ᠠ ᠨᠢ ᠥᠷᠭᠡᠨ ᠤᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠰᠢᠨ᠎ᠡ ᠴᠠᠭ ᠦᠶ᠎ᠡ ᠰᠢᠨ᠎ᠡ ᠠᠶᠠᠨ ᠤ ᠲᠡᠮᠡᠴᠡᠯ ᠤᠨ ᠵᠠᠮ ᠳᠡᠭᠡᠷ᠎ᠡ᠂ ᠡᠷᠬᠡᠪᠰᠢ ᠭᠦᠨᠵᠡᠭᠡᠢ ᠣᠶᠢᠯᠠᠭᠠᠵᠤ᠂ ᠴᠠᠭ ᠢᠮᠠᠭᠲᠠ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠴᠡᠭᠡᠵᠢᠯᠡᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾  ᠤ ᠡᠷᠬᠢᠮ ᠳᠡᠭᠡᠳᠦ ᠢᠷᠠᠭᠤ ᠠᠯᠳᠠᠷ ᠢ ᠬᠤᠪᠢ ᠲᠠᠬᠢᠨ ᠨᠠᠨᠳᠢᠩᠨᠠᠬᠤ ᠶᠢ ᠬᠦᠰᠡᠬᠦ ᠶᠢᠨ ᠲᠥᠯᠥᠭᠡ ᠶᠤᠮ︔ ᠰᠢ ᠶᠢᠨ ᠫᠢᠩ ᠶᠡᠷᠦᠩᠬᠡᠢ ᠱᠦᠵᠢ ᠶᠢ ᠲᠠᠭᠠᠵᠦ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠲᠠᠯ᠎ᠠ ᠪᠠᠷ ᠵᠢᠱᠢᠶᠡᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠠᠯ᠎ᠠ ᠪᠠᠷ ᠵᠢᠱᠢᠶᠡᠴᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠵᠢᠱᠢᠶᠡᠴᠢ ᠪᠣᠯᠵᠤ᠂ ᠭᠠᠷᠮᠠᠭᠠᠢ ᠬᠥᠷᠥᠩᠭᠡᠲᠡᠨ ᠤ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠵᠠᠮ ᠢᠶᠠᠷ ᠵᠢᠱᠢᠶᠡᠴᠢ ᠪᠣᠯᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︔ ᠳᠤᠮᠳᠠᠳᠤ ᠤᠯᠤᠰ ᠤᠨ ᠶᠡᠷᠦᠩᠬᠡᠢ ᠱᠦᠵᠢ ᠶᠢ ᠲᠠᠭᠠᠵᠦ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠳᠤ ᠵᠢᠱᠢᠶᠡᠴᠢ ᠪᠣᠯᠵᠤ᠂ ᠰᠢᠨ᠎ᠡ ᠰᠤᠷᠲᠠᠯ ᠲᠥᠪ ᠰᠤᠷᠲᠠᠯ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠣᠯᠬᠤ ᠬᠡᠷᠡᠭᠲᠡᠢ︔ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠦᠨᠡᠨ ᠬᠦ ᠰᠠᠶᠢᠲᠤᠷ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠭᠠᠷᠮᠠᠭᠠᠢ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠭᠠᠷᠮᠠᠭᠠᠢ ᠪᠠᠯᠭᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠪᠠᠷ ᠭᠤᠣᠯ ᠰᠡᠳᠦᠪ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠠᠵᠢᠯ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠨ ᠡᠵᠡᠮᠰᠢᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠲᠦᠯᠬᠢᠨ ᠠᠬᠢᠭᠤᠯᠬᠤ ᠶᠢᠨ ᠲᠥᠯᠥᠭᠡ ᠶᠤᠮ᠃                                        ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2