ᠡᠶᠢᠮᠦ ᠢᠳᠡᠭᠡᠨ ᠢ ᠴᠡᠭᠡᠷᠯᠡ
ᠨᠡᠶᠢᠲᠡᠯᠡᠭᠰᠡᠨ ᠴᠠᠭ᠄
2024/3/20
      ᠠᠮᠲᠠ ᠣᠷᠣᠭᠤᠯᠤᠭᠰᠠᠨ ᠵᠢᠮᠢᠰ ᠤᠨ ᠦᠷ᠎ᠡ᠃ ᠠᠮᠲᠠ ᠣᠷᠣᠭᠤᠯᠤᠭᠰᠠᠨ ᠵᠢᠮᠢᠰ ᠤᠨ ᠦᠷ᠎ᠡ ᠨᠢ ᠰᠢᠬᠢᠷ᠂ ᠳᠠᠪᠤᠰᠤ ᠪᠤᠶᠤ ᠪᠤᠰᠤᠳ ᠠᠮᠲᠠ ᠣᠷᠣᠭᠤᠯᠬᠤ ᠡᠳ᠋ ᠢ ᠨᠡᠮᠡᠵᠦ᠂ ᠴᠢᠨᠠᠷ ᠬᠤᠪᠢᠷᠠᠬᠤ ᠠᠴᠠ ᠰᠡᠷᠭᠡᠶᠢᠯᠡᠳᠡᠭ᠂ ᠡᠶᠢᠮᠦ ᠢᠳᠡᠭᠡᠨ ᠨᠢ ᠬᠥᠮᠥᠰ ᠢ ᠠᠮᠠᠷᠬᠠᠨ ᠮᠠᠷᠢᠶᠠᠯᠠᠭᠤᠯᠳᠠᠭ᠃ ᠰᠦᠨ ᠤᠮᠳᠠᠭᠠᠨ᠃ ᠴᠠᠭᠠᠨ ᠰᠢᠬᠢᠷ᠂ ᠨᠢᠰᠢᠩᠭᠦ ᠶᠢᠨ ᠰᠢᠬᠢᠷ᠂ ᠵᠢᠮᠢᠰ ᠤᠨ ᠰᠢᠬᠢᠷ ᠵᠡᠷᠭᠡ ᠰᠢᠬᠢᠷ ᠤᠨ ᠪᠦᠷᠢᠯᠳᠦᠭᠦᠨ ᠢ ᠨᠡᠮᠡᠭᠰᠡᠨ ᠰᠦᠨ ᠤᠮᠳᠠᠭᠠᠨ ᠤ ᠢᠯᠴᠢ ᠶᠢᠨ ᠬᠡᠮᠵᠢᠶ᠎ᠡ ᠨᠢ ᠬᠡᠳᠦ ᠶᠡᠭᠡ ᠪᠠᠶᠢᠵᠤ᠂ ᠤᠤᠭᠤᠪᠠᠯ ᠠᠮᠠᠷᠬᠠᠨ ᠮᠠᠷᠢᠶᠠᠯᠠᠳᠠᠭ᠃ ᠨᠣᠭᠤᠭ᠎ᠠ ᠵᠢᠮᠢᠰ ᠪᠤᠶᠤ ᠤᠯᠠᠭᠠᠨ ᠲᠥᠮᠥᠰᠥ ᠶᠢᠨ ᠬᠠᠲᠠᠭᠠᠮᠠᠯ᠃ ᠡᠶᠢᠮᠦᠷᠬᠦ ᠵᠦᠢᠯ ᠢ ᠬᠢᠬᠦ ᠳᠤ ᠲᠣᠰᠣᠨ ᠳᠤ ᠪᠤᠴᠠᠯᠭᠠᠵᠤ᠂ ᠰᠢᠬᠢᠷ ᠳᠠᠪᠤᠰᠤ ᠬᠢᠵᠦ ᠪᠠᠶᠢᠳᠠᠭ ᠠᠴᠠ ᠮᠥᠨ ᠠᠮᠠᠷᠬᠠᠨ ᠮᠠᠷᠢᠶᠠᠯᠠᠭᠤᠯᠳᠠᠭ᠃ ᠮᠢᠬᠠᠨ ᠤ ᠳᠠᠷᠤᠰᠢ᠂ ᠥᠨᠳᠡᠭᠡᠨ ᠤ ᠲᠥᠷᠥᠯ ᠤᠨ ᠢᠳᠡᠭᠡᠨ᠃ ᠡᠶᠢᠮᠦᠷᠬᠦ ᠰᠤᠯᠠ ᠢᠳᠡᠭᠡᠨ ᠤ ᠣᠯᠠᠩᠬᠢ ᠶᠢ   ᠨᠢ ᠤᠲᠤᠵᠤ ᠬᠢᠭᠰᠡᠨ ᠪᠤᠶᠤ ᠠᠮᠲᠠ ᠣᠷᠣᠭᠤᠯᠤᠭᠴᠢ ᠲᠠᠢ ᠵᠢᠩᠨᠡᠵᠦ ᠭᠠᠷᠭᠠᠭᠰᠠᠨ ᠶᠤᠮ᠂ ᠶᠡᠭᠡ ᠬᠡᠮᠵᠢᠶᠡᠨ ᠤ ᠲᠣᠰᠣ᠂ ᠳᠠᠪᠤᠰᠤ᠂ ᠰᠢᠬᠢᠷ ᠵᠡᠷᠭᠡ ᠡᠳ᠋ ᠠᠭᠤᠯᠵᠤ ᠪᠠᠶᠢᠳᠠᠭ᠂ ᠦᠢᠯᠡᠳᠬᠦ ᠶᠠᠪᠤᠴᠠ ᠳᠤ ᠢᠳᠡᠭᠡᠨ  ᠨᠢ ᠰᠢᠮ᠎ᠡ ᠲᠡᠵᠢᠭᠡᠯ ᠢᠶᠠᠨ ᠠᠯᠳᠠᠵᠤ᠂ ᠪᠠᠰᠠ ᠪᠠᠭ᠎ᠠ ᠬᠡᠮᠵᠢᠶᠡᠨ ᠤ ᠠᠽᠣᠲ ᠬᠦᠴᠢᠯ ᠤᠨ ᠨᠠᠳ᠋ᠷᠢ ᠶᠢ ᠨᠡᠮᠡᠵᠦ ᠢᠯᠵᠢᠷᠡᠬᠦ ᠶᠢ ᠰᠡᠷᠭᠡᠶᠢᠯᠡᠬᠦ ᠪᠠ ᠥᠩᠭᠡ ᠣᠷᠣᠭᠤᠯᠳᠠᠭ᠂ ᠤᠷᠲᠤ ᠬᠤᠭᠤᠴᠠᠭ᠎ᠠ ᠪᠠᠷ ᠬᠡᠷᠡᠭᠯᠡᠪᠡᠯ ᠬᠥᠮᠥᠨ ᠤ ᠪᠡᠶ᠎ᠡ ᠳᠤ ᠬᠤᠣᠷᠲᠠᠢ ᠶᠤᠮ᠃ ᠵᠢᠮᠢᠰ ᠤᠨ ᠰᠢᠭᠦᠰᠦ᠃ ᠵᠢᠮᠢᠰ ᠤᠨ ᠰᠢᠬᠠᠭᠰᠠᠨ ᠰᠢᠭᠦᠰᠦ ᠨᠢ ᠤᠷᠭᠤᠮᠠᠯ ᠤᠨ ᠡᠰ ᠤᠨ ᠬᠠᠨ᠎ᠠ ᠶᠢ ᠡᠪᠳᠡᠵᠦ᠂ ᠵᠢᠮᠢᠰ ᠤᠨ ᠰᠢᠭᠦᠰᠦᠨ ᠳᠠᠬᠢ ᠴᠢᠯᠦᠭᠡᠲᠦ ᠰᠢᠬᠢᠷ ᠢ ᠨᠡᠮᠡᠭᠳᠡᠭᠦᠯᠦᠨ᠂ ᠴᠢᠰᠤᠨ ᠰᠢᠬᠢᠷ ᠤᠨ ᠤᠷᠪᠠᠯ ᠢ ᠨᠡᠮᠡᠭᠳᠡᠭᠦᠯᠳᠡᠭ᠂ ᠡᠶᠢᠮᠦ ᠠᠴᠠ ᠵᠦᠭᠡᠷ ᠯᠠ ᠵᠢᠮᠢᠰ ᠢᠳᠡᠬᠦ ᠨᠢ ᠵᠢᠮᠢᠰ ᠤᠨ ᠰᠢᠭᠦᠰᠦ ᠤᠤᠭᠤᠬᠤ ᠠᠴᠠ ᠬᠤᠯᠠ ᠳᠡᠭᠡᠷ᠎ᠡ ᠪᠠᠶᠢᠳᠠᠭ᠃             ᠢᠷᠡᠯᠲᠡ᠄ ᠢᠷᠡᠯᠲᠡ᠄ ᠲᠣᠮᠳᠠᠳᠣ ᠤᠯᠤᠰ ᠤᠨ ᠮᠣᠩᠭᠤᠯ ᠷᠠᠳᠢᠣ᠋ ᠰᠦᠯᠵᠢᠶ᠎ᠡ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2