ᠨᠣᠭᠤᠭ᠎ᠠ ᠶᠢ ᠵᠥᠪ ᠰᠣᠩᠭᠤᠬᠤ ᠬᠡᠷᠡᠭᠲᠡᠢ
ᠨᠡᠶᠢᠲᠡᠯᠡᠭᠰᠡᠨ ᠴᠠᠭ᠄
2024/3/20
     ᠣᠯᠠᠨ ᠢᠶᠠᠷ ᠢᠶᠠᠨ ᠵᠢᠮᠢᠰ ᠨᠣᠭᠤᠭ᠎ᠠ ᠤᠬᠢᠶᠠᠬᠤ ᠮᠠᠰᠢᠨ ᠠᠪᠴᠤ ᠪᠠᠶᠢᠭ᠎ᠠ ᠨᠢ  ᠲᠠᠷᠢᠶᠠᠨ ᠡᠮ ᠤᠨ ᠦᠯᠡᠳᠡᠭᠳᠡᠯ ᠢ ᠰᠡᠷᠭᠡᠶᠢᠯᠡᠵᠦ ᠪᠠᠶᠢᠭ᠎ᠠ ᠶᠠᠪᠤᠳᠠᠯ ᠶᠤᠮ᠃ ᠭᠡᠪᠡᠴᠦ ᠡᠳᠦᠷ ᠲᠤᠲᠤᠮ ᠤᠨ ᠠᠮᠢᠳᠤᠷᠠᠯ ᠳᠤᠮᠳᠠ᠂ ᠪᠢᠳᠡᠨ ᠤ ᠵᠢᠩᠬᠢᠨᠢ ᠳᠡᠯᠭᠡᠭᠦᠷ ᠠᠴᠠ ᠬᠤᠳᠠᠯᠳᠤᠨ ᠠᠪᠤᠭᠰᠠᠨ ᠣᠯᠠᠩᠬᠢ ᠢᠳᠡᠰᠢᠨ ᠨᠣᠭᠤᠭ᠎ᠠ ᠶᠢᠨ ᠲᠠᠷᠢᠶᠠᠨ ᠡᠮ ᠤᠨ ᠦᠯᠡᠳᠡᠭᠳᠡᠯ ᠨᠢ ᠪᠦᠷ ᠲᠣᠭᠲᠠᠭᠰᠠᠨ ᠬᠡᠪᠴᠢᠶᠡᠨ ᠳᠤ ᠪᠠᠶᠢᠳᠠᠭ᠃ ᠲᠡᠶᠢᠮᠦ ᠮᠥᠷᠲᠡᠭᠡᠨ ᠵᠢᠮᠢᠰ ᠨᠣᠭᠤᠭ᠎ᠠ ᠤᠬᠢᠶᠠᠬᠤ ᠮᠠᠰᠢᠨ ᠢ ᠬᠡᠷᠡᠭᠯᠡᠬᠦ ᠦᠭᠡᠢ ᠪᠠᠷ ᠪᠤᠳᠤᠬᠤ ᠳᠤ᠂ ᠡᠳᠦᠷ ᠲᠤᠲᠤᠮ ᠤᠨ ᠮᠠᠰᠢ ᠣᠯᠠᠨ ᠠᠷᠭ᠎ᠠ ᠨᠢ ᠲᠠᠷᠢᠶᠠᠨ ᠡᠮ ᠤᠨ ᠦᠯᠡᠳᠡᠭᠳᠡᠯ ᠢ ᠪᠦᠲᠦᠮᠵᠢᠲᠡᠶ ᠠᠷᠢᠯᠭᠠᠵᠤ  ᠴᠢᠳᠠᠨ᠎ᠠ᠂ ᠡᠭᠦᠨ ᠳᠤ ᠳᠣᠣᠷᠠᠬᠢ ᠮᠡᠲᠦ ᠠᠷᠭ᠎ᠠ ᠶᠢ ᠲᠠᠨᠢᠯᠴᠠᠭᠤᠯᠤᠶ᠎ᠠ᠄                    1.ᠴᠡᠪᠡᠷ ᠤᠰᠤᠨ ᠳᠤ ᠳᠡᠪᠲᠦᠭᠡᠬᠦ᠃ ᠨᠣᠭᠤᠭ᠎ᠠ ᠪᠠᠨ ᠬᠠᠭᠤᠷᠬᠤ ᠠᠴᠠ ᠡᠮᠦᠨ᠎ᠡ 20℃~25℃ ᠤᠨ  ᠴᠡᠪᠡᠷ ᠤᠰᠤᠨ ᠳᠤ 10 ᠮᠢᠨᠦ᠋ᠲ ᠳᠡᠪᠲᠦᠭᠡᠵᠦ᠂ ᠲᠠᠷᠠᠭ᠎ᠠ ᠨᠢ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃                  2.ᠪᠤᠳᠠᠭ᠎ᠠ ᠤᠬᠢᠶᠠᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠳᠠᠭ᠎ᠠ ᠤᠬᠢᠶᠠᠭᠰᠠᠨ ᠤᠰᠤ ᠪᠠᠷ 5  ~10 ᠮᠢᠨᠦ᠋ᠲ ᠳᠡᠪᠲᠦᠭᠡᠵᠦ᠂ ᠳᠠᠬᠢᠨ ᠴᠡᠪᠡᠷ ᠤᠰᠤ ᠪᠠᠷ 30 ᠰᠧᠺᠦ᠋ᠨ᠋ᠳ᠋ ᠤᠬᠢᠶᠠᠨ᠎ᠠ᠃                  3.ᠳᠠᠪᠤᠰᠤ ᠲᠠᠢ ᠤᠰᠤᠨ ᠳᠤ ᠳᠡᠪᠲᠦᠭᠡᠬᠦ᠃ ᠨᠣᠭᠤᠭ᠎ᠠ ᠪᠠᠨ 1% ᠶᠢᠨ ᠳᠠᠪᠤᠰᠤ ᠲᠠᠢ ᠤᠰᠤ ᠪᠠᠷ ᠲᠡᠪᠳᠡᠭᠡᠵᠤ 20ᠮᠢᠨᠦ᠋ᠲ ᠤᠨ ᠳᠠᠷᠠᠭ᠎ᠠ ᠤᠬᠢᠶᠠᠨ᠎ᠠ᠃ ᠳᠠᠪᠤᠰᠤᠨ ᠤ ᠥᠳᠬᠡᠴᠡ ᠶᠢ ᠬᠡᠲᠦᠷᠬᠡᠢ ᠶᠡᠭᠡ ᠪᠠᠶᠢᠯᠭᠠᠵᠤ ᠪᠣᠯᠬᠤ ᠦᠭᠡᠢ᠃                  4.ᠪᠤᠴᠠᠯᠤᠭᠰᠠᠨ ᠤᠰᠤᠨ ᠳᠤ ᠳᠡᠪᠲᠦᠭᠡᠬᠦ᠃ ᠨᠣᠭᠤᠭ᠎ᠠ ᠪᠠᠨ ᠪᠤᠴᠠᠯᠤᠭᠰᠠᠨ ᠣᠰᠣᠨ ᠳᠤ 2 ᠮᠢᠨᠦ᠋ᠲ ᠲᠡᠪᠳᠡᠭᠡᠨ᠎ᠡ᠃ ᠭᠡᠪᠡᠴᠦ ᠡᠶᠢᠮᠦ ᠠᠷᠭ᠎ᠠ ᠨᠢ ᠢᠳᠡᠰᠢᠨ ᠨᠣᠭᠤᠭ᠎ᠠ ᠶᠢᠨ ᠬᠡᠰᠡᠭ ᠰᠢᠮ᠎ᠡ ᠲᠡᠵᠢᠭᠡᠯ ᠢ ᠠᠯᠳᠠᠭᠳᠠᠭᠤᠯᠤᠨ᠎ᠠ᠃                ᠳᠡᠭᠡᠷᠡᠬᠢ 4 ᠵᠦᠢᠯ ᠤᠨ ᠠᠷᠭ᠎ᠠ ᠠᠴᠠ ᠭᠠᠳᠠᠨ᠎ᠠ᠂ ᠪᠠᠰᠠ ᠤᠷᠤᠰᠬᠠᠯ ᠤᠰᠤ ᠪᠠᠷ ᠱᠦᠷᠭᠦᠭᠡᠵᠦ ᠤᠬᠢᠶᠠᠬᠤ᠂ ᠬᠠᠯᠢᠰᠤ ᠶᠢ ᠨᠢ ᠠᠷᠢᠯᠭᠠᠬᠤ᠂ 24 ᠴᠠᠭ ᠲᠠᠯᠪᠢᠬᠤ ᠵᠡᠷᠭᠡ ᠠᠷᠭ᠎ᠠ ᠶᠢ ᠠᠪᠴᠤ ᠪᠣᠯᠣᠨ᠎ᠠ᠂ ᠡᠨᠡ ᠨᠢ ᠨᠣᠭᠤᠭ᠎ᠠ ᠶᠢᠨ ᠳᠣᠲᠣᠷᠠᠬᠢ ᠲᠠᠷᠢᠶᠠᠨ ᠡᠮ ᠤᠨ ᠦᠯᠡᠳᠡᠭᠳᠡᠯ ᠢ ᠠᠷᠢᠯᠭᠠᠬᠤ ᠳᠤ ᠪᠠᠰᠠ ᠨᠡᠯᠢᠶᠡᠳ ᠰᠠᠶᠢᠨ ᠦᠢᠯᠡᠳᠦᠯ ᠲᠠᠢ ᠶᠤᠮ᠃                                          ᠢᠷᠡᠯᠲᠡ᠄ ᠠᠷᠠᠳ ᠤᠨ ᠰᠦᠯᠵᠢᠶ᠎ᠡ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2