ᠵᠦᠸᠧᠽᠢ ᠰᠢᠶᠠᠨ᠄ ᠲᠠᠷᠢᠶᠠᠯᠠᠩ ᠤᠨ ᠣᠳᠣᠬᠢᠴᠢᠯᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠤᠷᠢᠳᠴᠢᠯᠠᠨ ᠪᠡᠯᠡᠳᠬᠡᠯ ᠬᠢᠵᠦ ᠬᠠᠪᠤᠷ ᠤᠨ ᠲᠠᠷᠢᠶᠠᠯᠠᠭ᠎ᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/3/21
     ᠠᠵᠢᠯᠴᠢ ᠬᠥᠮᠥᠨ ᠤ ᠬᠠᠪᠤᠷ ᠤᠨ ᠴᠠᠭ ᠡᠷᠲᠡ ᠢᠷᠡᠳᠡᠭ᠃ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠦᠸᠧᠽᠢ ᠰᠢᠶᠠᠨ ᠤ ᠬᠢᠨ ᠪᠣᠷᠣᠭᠠᠨ ᠠᠴᠠ ᠡᠮᠦᠨ᠎ᠡ ᠪᠡᠯᠡᠳᠬᠡᠯ ᠠᠵᠢᠯ ᠢᠶᠠᠨ ᠪᠡᠯᠡᠳᠬᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠤᠷᠢᠳᠴᠢᠯᠠᠨ ᠭᠦᠢᠴᠡᠳ ᠬᠢᠭᠰᠡᠨ ᠪᠠᠶᠢᠨ᠎ᠠ᠃ 3 ᠰᠠᠷ᠎ᠠ ᠶᠢᠨ ᠡᠬᠢ ᠪᠠᠷ᠂ ᠲᠠᠷᠢᠶᠠᠴᠢᠳ ᠤᠨ ᠮᠡᠷᠭᠡᠵᠢᠯ ᠤᠨ ᠪᠣᠯᠪᠠᠰᠤᠷᠠᠭᠤᠯᠤᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠣᠬᠢᠷᠠᠭᠤᠯᠬᠤ᠂ ᠣᠷᠭᠠᠨᠢᠭ ᠪᠣᠷᠳᠣᠭᠤᠷ ᠢ ᠵᠥᠭᠡᠭᠡᠪᠦᠷᠢᠯᠡᠨ ᠬᠦᠷᠭᠡᠬᠦ ᠵᠡᠷᠭᠡ ᠶᠢ ᠨᠢᠭᠡᠨᠲᠡ ᠪᠦᠬᠦᠨ ᠢ ᠪᠡᠶᠡᠯᠡᠭᠦᠯᠵᠦ᠂ ᠪᠦᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠪᠡᠯᠡᠳᠬᠡᠯ ᠭᠦᠢᠴᠡᠳ᠂ ᠥᠪᠡᠷᠮᠢᠴᠡ ᠣᠨᠴᠠᠯᠢᠭ ᠲᠠᠢ ᠪᠣᠯᠪᠠ᠃ ᠮᠡᠷᠭᠡᠰᠢᠭᠰᠡᠨ ᠲᠠᠷᠢᠶᠠᠴᠢᠨ ᠬᠥᠮᠥᠨ ᠪᠣᠯᠬᠤ    ᠴᠢᠨᠠᠷ ᠰᠠᠶᠢᠲᠠᠢ ᠣᠳᠣᠬᠢᠴᠢᠯᠠᠭᠰᠠᠨ ᠲᠠᠷᠢᠶᠠᠯᠠᠩ ᠢ ᠬᠥᠭᠵᠢᠭᠦᠯᠬᠦ ᠳᠤ ᠲᠡᠭᠦᠨ ᠯᠦᠭᠡ ᠢᠵᠢ ᠪᠦᠷᠢᠳᠦᠭᠰᠡᠨ ᠮᠡᠷᠭᠡᠵᠢᠯ ᠤᠨ ᠬᠦᠴᠦᠨ ᠢᠶᠠᠷ ᠲᠤᠯᠭᠠᠭᠤᠷᠢᠯᠠᠯ ᠪᠣᠯᠭᠠᠬᠤ ᠬᠡᠷᠡᠭᠲᠡᠢ᠃ ᠨᠢᠳᠤᠨᠤᠨ ᠡᠪᠦᠯ ᠠᠴᠠ ᠡᠬᠢᠯᠡᠨ᠂ ᠵᠦᠸᠧᠽᠢ ᠰᠢᠶᠠᠨ ᠤ ᠬᠢᠨ ᠳᠠᠷᠤᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠬᠥᠮᠥᠰ ᠢ ᠵᠣᠬᠢᠶᠠᠨ ᠪᠠᠶᠢᠭᠤᠯᠤᠨ ᠡᠯ᠎ᠡ ᠰᠢᠶᠠᠩ ᠪᠠᠯᠭᠠᠰᠤ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠮᠠᠯ ᠤᠨ ᠦᠢᠯᠡᠰ ᠤᠨ ᠺᠣᠮᠫᠠᠨᠢ ᠳᠤ ᠭᠦᠨᠵᠡᠭᠡᠶᠢᠷᠡᠭᠦᠯᠵᠦ᠂ ᠲᠠᠷᠢᠶᠠᠴᠢᠳ ᠲᠤ ᠪᠦᠬᠦ ᠲᠠᠯ᠎ᠠ ᠶᠢᠨ ᠲᠠᠷᠢᠶᠠᠯᠠᠩ ᠤᠨ ᠬᠡᠷᠡᠭᠯᠡᠭᠡᠨ ᠤ ᠮᠡᠷᠭᠡᠵᠢᠯ ᠤᠨ ᠬᠢᠴᠢᠶᠡᠯᠯᠡᠭᠡ᠂ ᠵᠢᠯᠣᠭᠤᠳᠤᠯᠭ᠎ᠠ᠂ ᠪᠣᠯᠪᠠᠰᠤᠷᠠᠯ ᠬᠦᠷᠲᠡᠭᠡᠵᠦ᠂ ᠡᠯ᠎ᠡ ᠲᠦᠷᠦᠯ ᠤᠨ ᠬᠥᠳᠡᠯᠭᠡᠬᠦ ᠬᠦᠴᠦᠨ ᠤ ᠲᠠᠷᠢᠶᠠᠯᠠᠩ ᠤᠨ ᠮᠠᠰᠢᠨ ᠢ ᠵᠢᠯᠤᠭᠤᠳᠬᠤ ᠮᠡᠷᠭᠡᠵᠢᠯ᠂ ᠬᠡᠷᠡᠭᠯᠡᠬᠦ ᠮᠡᠷᠭᠡᠵᠢᠯ᠂ ᠬᠥᠷᠥᠰᠥ ᠰᠢᠷᠣᠢ ᠶᠢ ᠬᠡᠮᠵᠢᠬᠦ ᠨᠠᠶᠢᠷᠠᠯᠭ᠎ᠠ᠂ ᠰᠠᠶᠢᠨ ᠡᠭᠦᠯᠳᠡᠷ ᠢ ᠢᠯᠭᠠᠨ ᠲᠠᠨᠢᠬᠤ ᠪᠠ ᠬᠡᠷᠡᠭᠯᠡᠬᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠡᠷᠲᠡᠬᠡᠨ ᠰᠡᠷᠭᠡᠶᠢᠯᠡᠬᠦ ᠵᠡᠷᠭᠡ ᠠᠭᠤᠯᠭ᠎ᠠ ᠲᠠᠢ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠲᠣᠰᠬᠤᠨ ᠤ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠤᠷᠢᠵᠤ᠂ ᠲᠣᠣᠷ ᠤᠨ ᠳᠠᠮᠵᠢᠭᠤᠯᠭ᠎ᠠ᠂ ᠬᠠᠮ ᠳᠠᠪᠲᠠᠮᠵᠢ ᠶᠢᠨ ᠳᠠᠷᠪᠢᠯᠲᠠ᠂ ᠠᠯᠤᠰ ᠠᠴᠠ ᠬᠢᠴᠢᠶᠡᠯ ᠣᠷᠣᠬᠤ ᠵᠡᠷᠭᠡ ᠣᠳᠣᠬᠢᠴᠢᠯᠠᠭᠰᠠᠨ ᠲᠠᠪᠴᠠᠩ ᠢ ᠠᠰᠢᠭᠯᠠᠵᠤ᠂ ︽ᠤᠳᠤ ᠦᠶ᠎ᠡ ᠶᠢᠨ ᠲᠠᠷᠢᠶᠠᠯᠠᠩ ᠪᠣᠯᠣᠨ ᠤᠯᠠᠮᠵᠢᠯᠠᠯᠲᠤ ᠲᠠᠷᠢᠶᠠᠯᠠᠩ ᠤᠨ ᠣᠷᠭᠠᠨᠢᠭ ᠤᠶᠠᠯᠳᠤᠯ︾᠂︽ᠲᠥᠮᠥᠰᠥ ᠶᠢᠨ ᠮᠦ ᠪᠦᠷᠢ ᠶᠢᠨ ᠤᠨᠠᠯᠲᠠ ᠶᠢ ᠬᠡᠷᠬᠢᠨ ᠳᠡᠭᠡᠭᠰᠢᠯᠡᠭᠦᠯᠬᠦ︾᠂︽ᠬᠢᠮᠢ ᠶᠢᠨ ᠪᠣᠷᠳᠣᠭᠤᠷ ᠢ ᠬᠢᠵᠠᠭᠠᠷᠯᠠᠵᠤ ᠣᠷᠭᠠᠨᠢᠭ ᠪᠣᠷᠳᠣᠭᠤᠷ ᠢ ᠨᠡᠮᠡᠭᠳᠡᠭᠦᠯᠬᠦ︾᠂︽ᠶᠤᠤᠮᠠᠢ ᠶᠢᠨ ᠨᠠᠯᠠᠨ ᠤᠨᠠᠬᠤ ᠠᠴᠠ ᠬᠡᠷᠬᠢᠨ ᠵᠠᠶᠢᠯᠠᠰᠬᠢᠬᠦ︾ ᠵᠡᠷᠭᠡ ᠮᠡᠳᠡᠯᠭᠡ ᠶᠢ ᠰᠢᠰᠲ᠋ᠧᠮ ᠲᠠᠢ ᠵᠢᠭᠠᠪᠠ᠃    ᠲᠥᠮᠥᠰᠥ ᠪᠣᠯ ᠵᠦᠸᠧᠽᠢ ᠰᠢᠶᠠᠨ ᠤ ᠲᠠᠷᠢᠮᠠᠯ ᠤᠨ ᠦᠢᠯᠡᠰ ᠤᠨ ᠭᠤᠣᠯᠯᠠᠭᠴᠢ ᠠᠵᠤ ᠦᠢᠯᠡᠰ ᠪᠣᠯᠣᠨ᠎ᠠ᠃ ᠰᠢᠶᠠᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠤᠰᠬᠠᠯᠲᠠ ᠶᠢᠨ ᠬᠡᠮᠵᠢᠭᠦᠷᠯᠢᠭ ᠢ ᠠᠪᠴᠤ ᠡᠯ᠎ᠡ ᠭᠤᠣᠯᠳᠠᠯᠭ᠎ᠠ ᠲᠠᠢ ᠲᠣᠰᠬᠤᠨ ᠢᠶᠠᠷ ᠲᠣᠭᠤᠷᠢᠨ ᠶᠠᠪᠤᠵᠤ᠂ ᠨᠢᠭᠡᠳᠦᠭᠡᠷ ᠳᠡᠰ ᠤᠨ ᠡᠭᠦᠯᠳᠡᠷ᠂ ᠬᠤᠶᠠᠳᠤᠭᠠᠷ ᠳᠡᠰ ᠤᠨ ᠡᠭᠦᠯᠳᠡᠷ᠂ ᠤᠤᠯ ᠡᠭᠦᠯᠳᠡᠷ ᠪᠣᠯᠣᠨ ᠤᠯᠠᠮᠵᠢᠯᠠᠯᠲᠤ ︽ᠦᠷ᠎ᠡ ᠦᠯᠡᠳᠡᠭᠡᠵᠦ ᠬᠡᠰᠡᠭᠯᠡᠬᠦ︾ ᠶᠢᠨ ᠮᠥᠨ ᠴᠢᠨᠠᠷ ᠤᠨ ᠢᠯᠭᠠᠭ᠎ᠠ᠂ ᠥᠨᠳᠥᠷ ᠳᠠᠯᠠᠩ ᠢᠶᠠᠷ ᠲᠠᠷᠢᠵᠦ ᠤᠷᠭᠤᠭᠤᠯᠤᠭᠰᠠᠨ ᠳᠠᠯᠠᠩ ᠤᠨ ᠵᠠᠢ᠂ ᠥᠨᠳᠥᠷ ᠤᠨ ᠬᠡᠮᠵᠢᠶ᠎ᠡ᠂ ᠳᠤᠰᠤᠯᠭᠠᠨ ᠤᠰᠤᠯᠠᠬᠤ ᠬᠤᠭᠤᠯᠠᠢ ᠶᠢᠨ ᠲᠠᠷᠬᠠᠯᠲᠠ ᠵᠡᠷᠭᠡ ᠶᠢ ᠰᠢᠰᠲ᠋ᠧᠮ ᠲᠠᠢ ᠲᠠᠶᠢᠯᠪᠤᠷᠢᠯᠠᠵᠠᠢ᠃ ᠸᠢᠳᠢᠤ᠋ ᠪᠠᠷ ᠳᠡᠯᠭᠡᠨ ᠦᠵᠡᠭᠦᠯᠬᠦ ᠪᠠ ᠲᠠᠶᠢᠯᠪᠤᠷᠢᠯᠠᠬᠤ ᠪᠠᠷ ᠲᠠᠮᠵᠢᠨ᠂ ᠲᠠᠷᠢᠶᠠᠴᠢᠳ ᠲᠥᠮᠥᠰᠥ ᠲᠠᠷᠢᠬᠤ ᠰᠢᠨᠵᠢᠯᠡᠬᠦ ᠤᠬᠠᠭᠠᠨ ᠤ ᠮᠡᠳᠡᠯᠭᠡ ᠶᠢ ᠲᠣᠪ ᠲᠣᠳᠣᠷᠬᠠᠢ ᠮᠡᠳᠡᠵᠡᠢ᠃    ᠰᠢᠨᠵᠢᠯᠡᠬᠦ ᠤᠬᠠᠭᠠᠨ ᠮᠡᠷᠭᠡᠵᠢᠯ ᠤᠨ ︽ᠬᠠᠲᠠᠭᠠᠯᠲᠠ︾ ᠨᠢ ᠵᠦᠸᠧᠽᠢ ᠰᠢᠶᠠᠨ ᠤ ᠲᠠᠷᠢᠶᠠᠴᠢᠳ ᠤᠨ ᠳᠠᠷᠢᠶ᠎ᠠ ᠳᠠᠷᠢᠬᠤ ᠶᠢ ︽ᠬᠥᠯᠦᠰᠢᠨ ᠦᠬᠡᠷ ᠲᠠᠭᠤᠵᠤ ᠨᠠᠷᠬᠠᠳᠠᠬᠤ᠂ ᠠᠨᠵᠢᠰᠤ ᠪᠠᠷ ᠦᠷ᠎ᠡ ᠰᠠᠭᠤᠯᠭᠠᠬᠤ︾ ᠬᠠᠰᠢᠷ ᠪᠠᠭᠰᠢ ᠪᠠᠶᠢᠭᠰᠠᠨ ᠠᠴᠠ ᠨᠢ ᠣᠲᠣ ᠦᠶ᠎ᠡ ᠶᠢᠨ ᠲᠠᠷᠢᠶᠠᠯᠠᠩ ᠤᠨ ᠲᠠᠷᠢᠮᠠᠯ ᠤᠨ ᠬᠠᠰᠢᠷ ᠮᠡᠷᠭᠡᠵᠢᠯᠲᠡᠨ ᠪᠣᠯᠭᠠᠵᠤ᠂ ᠴᠢᠨᠠᠷ ᠰᠠᠶᠢᠲᠠᠢ ᠣᠳᠣᠬᠢᠴᠢᠯᠠᠭᠰᠠᠨ ᠲᠠᠷᠢᠶᠠᠯᠠᠩ ᠤᠨ ᠬᠥᠮᠥᠨ ᠨᠢ ᠲᠠᠰᠤᠷᠠᠯᠲᠠ ᠦᠭᠡᠢ ᠬᠦᠴᠦᠷᠬᠡᠭᠵᠢᠨ ᠬᠦᠴᠦᠷᠬᠡᠭᠵᠢᠵᠦ ᠪᠠᠶᠢᠨ᠎ᠠ᠃ {ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 19 ᠤ ᠡᠳᠦᠷ ᠤᠨ ᠰᠣᠨᠢᠨ ᠤ ᠪᠡᠭᠡᠵᠢᠩ ᠤᠨ 1 ᠰᠠᠷ᠎ᠠ ᠶᠢᠨ 19 ᠤ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠰᠢᠶᠣᠣ ᠰᠢᠤᠸᠠᠨ ᠤ ᠪᠡᠭᠡᠵᠢᠩ ᠤᠨ 1 ᠰᠠᠷ᠎ᠠ ᠶᠢᠨ 19 ᠤ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠰᠢᠶᠣᠣ ᠰᠢᠤᠸᠠᠨ︶ ᠲᠠᠷᠢᠶᠠᠴᠢᠨ ᠠᠶᠢᠯ ᠤᠨ ᠪᠣᠷᠳᠣᠭᠤᠷ ᠨᠢ ᠭᠤᠣᠯ ᠪᠣᠷᠳᠣᠭᠤᠷ ᠤᠨ ᠡᠬᠢ ᠰᠤᠷᠪᠤᠯᠵᠢ ᠪᠣᠯᠪᠠ    ᠴᠢᠨᠠᠷ ᠰᠠᠶᠢᠲᠠᠢ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠳᠤ ᠡᠷᠬᠡᠪᠰᠢ ᠦᠢᠯᠡᠳᠪᠦᠷᠢᠯᠡᠯ ᠤᠨ ᠪᠦᠲᠦᠴᠡ ᠶᠢ ᠬᠤᠪᠢᠷᠠᠭᠤᠯᠬᠤ ᠬᠡᠷᠡᠭᠲᠡᠢ᠃ ᠥᠩᠭᠡᠷᠡᠭᠰᠡᠨ ᠳᠤ᠂ ᠵᠦᠸᠧᠽᠢ ᠰᠢᠶᠠᠨ ᠤ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠰᠡᠬᠦ ᠪᠣᠷᠳᠣᠭᠤᠷ ᠢ ᠬᠢᠮᠢ ᠶᠢᠨ ᠪᠣᠷᠳᠣᠭᠤᠷ ᠢᠶᠠᠷ ᠭᠤᠣᠯ ᠪᠣᠯᠭᠠᠵᠤ᠂ ᠨᠡᠭᠦᠷᠡᠰᠦᠬᠦ᠋ᠴᠢᠯ᠂ ᠹᠣᠰᠹᠣᠷ ᠬᠦᠴᠢᠯ ᠤᠨ ᠬᠤᠶᠠᠷ ᠠᠮᠮᠤᠨᠢ᠂ ᠰᠢᠭᠡᠰᠦᠯᠢᠭ ᠡᠳ᠋ ᠵᠡᠷᠭᠡ ᠶᠢ ᠳᠤᠷ᠎ᠠ ᠪᠠᠷ ᠢᠶᠠᠨ ᠬᠡᠷᠡᠭᠯᠡᠵᠦ᠂ ᠬᠢᠮᠢ ᠶᠢᠨ ᠪᠣᠷᠳᠣᠭᠤᠷ ᠢ ᠬᠡᠲᠦᠷᠡᠲᠡᠯ᠎ᠡ ᠬᠡᠷᠡᠭᠯᠡᠭᠰᠡᠨ ᠠᠴᠠ ᠬᠥᠷᠥᠰᠥ ᠰᠢᠷᠣᠢ ᠶᠢ ᠬᠠᠲᠠᠭᠤᠷᠠᠭᠤᠯᠵᠤ᠂ ᠭᠠᠵᠠᠷ ᠤᠨ ᠬᠦᠴᠦ ᠶᠢ ᠬᠡᠲᠦᠷᠡᠲᠡᠯ᠎ᠡ ᠵᠠᠷᠤᠵᠤ᠂ ᠲᠠᠷᠢᠮᠠᠯ ᠤᠨ ᠤᠨᠠᠯᠲᠠ ᠶᠢ ᠵᠢᠯ ᠳᠠᠷᠠᠭᠠᠯᠠᠨ ᠪᠠᠭᠤᠷᠠᠭᠤᠯᠵᠤ᠂ ᠲᠠᠷᠢᠶᠠᠴᠢᠳ ᠤᠨ ᠲᠠᠷᠢᠶ᠎ᠠ ᠲᠠᠷᠢᠬᠤ ᠥᠪᠡᠷ ᠤᠨ ᠦᠷᠳᠡᠭ ᠢ ᠵᠢᠯ ᠠᠴᠠ ᠵᠢᠯ ᠥᠨᠳᠥᠷ ᠪᠣᠯᠭᠠᠵᠠᠢ᠃ ᠡᠨᠡ ᠵᠢᠯ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠬᠢᠯᠡᠮᠡᠭᠴᠡ᠂ ᠵᠦᠸᠧᠽᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠠᠴᠠ ᠪᠦᠬᠦ ᠰᠢᠶᠠᠨ ᠳᠤ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠠᠯᠬᠤᠮ ᠠᠯᠬᠤᠮ ᠢᠶᠠᠷ ᠬᠢᠵᠠᠭᠠᠷᠯᠠᠵᠤ᠂ ᠲᠠᠷᠢᠶᠠᠴᠢᠨ ᠠᠶᠢᠯ ᠤᠨ ᠪᠣᠷᠳᠣᠭᠤᠷ ᠵᠡᠷᠭᠡ ᠣᠷᠭᠠᠨᠢᠭ ᠪᠣᠷᠳᠣᠭᠤᠷ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠨᠡᠮᠡᠭᠳᠡᠭᠦᠯᠬᠦ ᠤᠷᠢᠶᠠᠯᠠᠭ᠎ᠠ ᠭᠠᠷᠭᠠᠪᠠ᠃ ᠤᠷᠢᠶᠠᠯᠠᠭ᠎ᠠ ᠶᠢ ᠭᠠᠷᠭᠠᠮᠠᠭᠴᠠ ᠪᠦ᠋ᠬᠦ ᠰᠢᠶᠠᠨ ᠢᠶᠠᠷ ᠢᠶᠠᠨ ᠴᠤᠤᠷᠢᠶᠠᠲᠤᠨ ᠲᠠᠭᠠᠵᠦ᠂ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠪᠣᠳᠠᠲᠠᠢ ᠪᠠᠷ ᠵᠢᠯᠤᠭᠤᠳᠴᠤ᠂ ᠮᠠᠯ ᠠᠵᠤ ᠠᠬᠤᠢ ᠶᠢ ᠲᠡᠵᠢᠭᠡᠨ ᠦᠷᠡᠵᠢᠭᠦᠯᠬᠦ ᠠᠴᠠ ᠪᠣᠷᠳᠣᠭᠤᠷ ᠠᠪᠬᠤ ᠭᠤᠣᠯ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃    ᠬᠠᠢ ᠭᠤᠸ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠪᠣᠯ ᠪᠥᠬᠦ ᠰᠢᠶᠠᠨ ᠤ ᠬᠠᠮᠤᠭ ᠤᠨ ᠲᠣᠮᠣ ᠠᠯᠠᠰᠢᠨ ᠦᠬᠡᠷ᠂ ᠰᠠᠭᠠᠯᠢ ᠶᠢᠨ ᠦᠨᠢᠶ᠎ᠡ ᠲᠡᠵᠢᠭᠡᠬᠦ ᠪᠦᠯᠦᠭᠯᠡᠯ ᠪᠣᠯᠣᠨ᠎ᠠ᠂ ᠲᠣᠰ ᠺᠣᠮᠫᠠᠨᠢ ᠨᠢ ᠵᠢᠯ ᠪᠦᠷᠢ 5000 ᠭᠠᠷᠤᠢ ᠦᠬᠡᠷ ᠲᠡᠵᠢᠭᠡᠵᠦ᠂ 5000 ᠭᠠᠷᠤᠢ ᠲᠣᠨ ᠪᠣᠷᠳᠣᠭᠤᠷ ᠬᠤᠷᠠᠮᠳᠤᠭᠤᠯᠵᠤ ᠪᠣᠶ᠃ ᠡᠨᠡ ᠵᠢᠯ ᠲᠠᠷᠢᠶᠠᠯᠠᠬᠤ ᠪᠠᠷ ᠪᠡᠯᠡᠳᠬᠡᠬᠦ ᠳᠤ ᠭᠦᠩᠰᠧ ᠠᠴᠠ ᠪᠣᠷᠳᠣᠭᠤᠷ ᠢᠶᠠᠨ ᠲᠠᠷᠢᠶᠠᠴᠢᠳ ᠲᠤ ᠦᠨ᠎ᠡ ᠲᠥᠯᠥᠪᠦᠷᠢ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ ᠬᠠᠩᠭᠠᠬᠤ ᠪᠠᠷ ᠬᠠᠨᠳᠢᠪᠯᠡᠪᠠ᠃ ᠶᠢᠨ ᠴᠧᠩ ᠸᠠ ᠲᠣᠰᠬᠤᠨ ᠤ ᠭᠠᠭ᠋ᠠᠢ ᠲᠡᠵᠢᠭᠡᠨ ᠦᠷᠡᠵᠢᠭᠦᠯᠬᠦ ᠺᠣᠮᠫᠠᠨᠢ ᠵᠢᠯ ᠳᠤ 4800 ᠣᠷᠴᠢᠮ ᠭᠠᠭ᠋ᠠᠢ ᠲᠡᠵᠢᠭᠡᠵᠦ᠂ ᠵᠢᠯ ᠳᠤ 3000 ᠭᠠᠷᠤᠢ ᠲᠣᠨ ᠪᠣᠷᠳᠣᠭᠤᠷ ᠴᠤᠭᠯᠠᠭᠤᠯᠳᠠᠭ᠂ ᠡᠨᠡ ᠵᠢᠯ ᠤᠨ ᠲᠠᠷᠢᠶᠠᠯᠠᠬᠤ ᠪᠠᠷ ᠪᠡᠯᠡᠳᠬᠡᠵᠦ ᠪᠠᠶᠢᠬᠤ ᠬᠤᠭᠤᠴᠠᠭᠠᠨ ᠳᠤ ᠺᠣᠮᠫᠠᠨᠢ ᠠᠴᠠ ᠴᠤ ᠲᠥᠯᠥᠪᠦᠷᠢ ᠦᠭᠡᠢ ᠪᠠᠷ ᠲᠠᠷᠢᠶᠠᠴᠢᠳ ᠲᠤ ᠪᠣᠷᠳᠣᠭᠤᠷ ᠢ ᠬᠦᠷᠭᠡᠪᠡ᠃ ᠠᠷᠪᠠᠨ ᠨᠠᠢᠮᠠ ᠲᠠᠢ ᠪᠠᠯᠭᠠᠰᠤᠨ ᠤ ᠬᠤᠤ ᠱᠧᠩ ᠲᠠᠬᠢᠶ᠎ᠠ ᠲᠡᠵᠢᠭᠡᠬᠦ ᠲᠠᠯᠠᠪᠠᠢ᠂ ᠵᠦᠥᠸ᠋ ᠽᠢ ᠱᠠᠨ ᠪᠠᠯᠭᠠᠰᠤᠨ ᠤ ᠶᠢᠨ ᠲᠠᠩ ᠽᠢ ᠳ᠋ᠧ ᠴᠢᠩ ᠶᠤᠸᠠᠨ ᠵᠡᠷᠭᠡ ᠣᠳᠣᠬᠢᠴᠢᠯᠠᠭᠰᠠᠨ ᠲᠠᠬᠢᠶ᠎ᠠ ᠲᠡᠵᠢᠭᠡᠬᠦ ᠲᠠᠯᠠᠪᠠᠢ ᠪᠣᠯ ᠪᠦᠬᠦ ᠰᠢᠶᠠᠨ ᠤ ᠲᠠᠬᠢᠶ᠎ᠠ ᠲᠡᠵᠢᠭᠡᠬᠦ ᠦᠢᠯᠡᠰ ᠤᠨ ᠬᠠᠮᠤᠭ ᠤᠨ ᠶᠡᠭᠡ ᠲᠠᠬᠢᠶ᠎ᠠ ᠲᠡᠵᠢᠭᠡᠬᠦ ᠲᠠᠯᠠᠪᠠᠢ ᠪᠣᠯᠣᠨ᠎ᠠ᠂ ᠵᠢᠯ ᠳᠤ ᠲᠦᠮᠡᠨ ᠲᠣᠨ ᠪᠣᠷᠳᠣᠭᠤᠷ ᠦᠢᠯᠡᠳᠪᠦᠷᠢᠯᠡᠳᠡᠭ᠂ ᠲᠠᠷᠢᠶᠠᠯᠠᠬᠤ ᠪᠠᠷ ᠪᠡᠯᠡᠳᠬᠡᠵᠦ ᠪᠠᠶᠢᠬᠤ ᠬᠤᠭᠤᠴᠠᠭᠠᠨ ᠳᠤ ᠺᠣᠮᠫᠠᠨᠢ ᠠᠴᠠ ᠮᠥᠨ ᠠᠳᠠᠯᠢᠬᠠᠨ ᠢᠶᠠᠷ ᠲᠠᠷᠢᠶᠠᠴᠢᠳ ᠲᠤ ᠪᠣᠷᠳᠣᠭᠤᠷ ᠬᠠᠨᠳᠢᠪᠯᠡᠪᠠ᠃ ᠡᠭᠦᠨ ᠠᠴᠠ ᠭᠠᠳᠠᠨ᠎ᠠ᠂ ᠪᠦᠬᠦ ᠰᠢᠶᠠᠨ ᠤ ᠡᠯ᠎ᠡ ᠰᠢᠶᠠᠩ ᠪᠠᠯᠭᠠᠰᠤ ᠭᠠᠴᠠᠭᠠᠨ ᠤ ᠭᠡᠷ ᠪᠦᠯᠢ ᠶᠢᠨ ᠲᠡᠵᠢᠭᠡᠨ ᠦᠷᠡᠵᠢᠭᠦᠯᠬᠦ ᠦᠢᠯᠡᠰ ᠨᠢ ᠪᠠᠰᠠ ᠲᠠᠷᠢᠶᠠᠯᠠᠩ ᠤᠨ ᠦᠢᠯᠡᠳᠪᠦᠷᠢᠯᠡᠯ ᠳᠤ ᠯᠤᠲᠤ ᠶᠡᠭᠡ ᠪᠣᠷᠳᠣᠭᠤᠷ ᠤᠨ ᠢᠷᠡᠯᠲᠡ  ᠶᠢ ᠬᠠᠩᠭᠠᠭᠰᠠᠨ ᠪᠠᠶᠢᠨ᠎ᠠ᠃    ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠬᠤ ᠳᠤ ᠪᠡᠯᠡᠳᠬᠡᠭᠰᠡᠨ ᠮᠠᠲ᠋ᠧᠷᠢᠶᠠᠯ ᠤᠨ ᠪᠦᠷᠢᠳᠬᠡᠯ ᠢ ᠦᠨᠳᠦᠰᠦᠯᠡᠪᠡᠯ᠂ ᠵᠦᠸᠧᠽᠢ ᠰᠢᠶᠠᠨ ᠳᠤ ᠶᠡᠭᠡ ᠪᠠᠭ᠎ᠠ ᠮᠠᠯ 45.9 ᠲᠦᠮᠡ ᠪᠠᠶᠢᠬᠤ ᠶᠢᠨ ᠳᠡᠭᠡᠷ᠎ᠡ 200 ᠭᠠᠷᠤᠢ ᠲᠦᠮᠡᠨ ᠵᠢᠭᠦᠷᠲᠡᠨ ᠤ ᠲᠥᠷᠥᠯ ᠢ ᠨᠡᠮᠡᠪᠡᠯ᠂ ᠡᠨᠡ  ᠨᠢ ᠪᠥᠬᠦ ᠰᠢᠶᠠᠨ ᠤ 60% ᠠᠴᠠ ᠳᠡᠭᠡᠭᠰᠢᠬᠢ ᠭᠠᠵᠠᠷ ᠰᠢᠷᠣᠢ ᠳᠤ ᠬᠡᠷᠡᠭᠯᠡᠬᠦ ᠪᠣᠷᠳᠣᠭᠤᠷ ᠢ ᠬᠠᠩᠭᠠᠵᠤ ᠳᠡᠶᠢᠯᠬᠦ ᠯᠤᠲᠤ ᠶᠡᠭᠡ ᠪᠣᠷᠳᠣᠭᠤᠷ ᠤᠨ ︽ᠪᠣᠯᠪᠠᠰᠤᠷᠠᠭᠤᠯᠬᠤ ᠦᠢᠯᠡᠳᠪᠦᠷᠢ︾ ᠪᠣᠯᠣᠨ᠎ᠠ᠃ ︽ᠪᠣᠯᠪᠠᠰᠤᠷᠠᠭᠤᠯᠬᠤ ᠦᠢᠯᠡᠳᠪᠦᠷᠢ︾ ᠶᠢᠨ ᠬᠦᠴᠦᠲᠡᠢ ᠲᠤᠯᠭᠠᠭᠤᠷᠢᠯᠠᠯ ᠳᠣᠣᠷ᠎ᠠ᠂ ᠡᠨᠡ ᠵᠢᠯ ᠵᠦᠸᠥᠽᠢ ᠰᠢᠶᠠᠨ ᠤ ᠬᠢᠮᠢ ᠶᠢᠨ ᠪᠣᠷᠳᠣᠭᠤᠷ ᠤᠨ ᠬᠡᠷᠡᠭᠯᠡᠭᠡᠨ ᠤ ᠬᠡᠮᠵᠢᠶ᠎ᠡ ᠬᠠᠮᠤᠭ ᠪᠠᠭ᠎ᠠ ᠳᠠᠭᠠᠨ 40% ᠢᠶᠠᠷ ᠪᠠᠭᠠᠰᠴᠤ᠂ ᠴᠢᠨᠠᠷ ᠰᠠᠶᠢᠲᠠᠢ᠂ ᠴᠡᠪᠡᠷ ᠪᠣᠬᠢᠷᠲᠤᠯ ᠦᠭᠡᠢ ᠠᠮᠤ ᠪᠤᠳᠠᠭ᠎ᠠ ᠶᠢ ᠦᠢᠯᠡᠳᠪᠦᠷᠢᠯᠡᠬᠦ ᠳᠤ ᠰᠠᠭᠤᠷᠢ ᠲᠠᠯᠪᠢᠵᠤ ᠥᠭᠴᠡᠢ᠃ ᠰᠢᠨ᠎ᠡ ᠲᠠᠷᠢᠶᠠᠯᠠᠩ ᠤᠨ ᠮᠠᠰᠢᠨ ᠲᠠᠷᠢᠶ᠎ᠠ ᠲᠠᠷᠢᠬᠤ ᠭᠤᠣᠯ ᠲᠣᠭᠯᠠᠭᠴᠢ ᠪᠣᠯᠪᠠ   ᠡᠨᠡ ᠵᠢᠯ᠂ ᠵᠦᠸᠧᠽᠢ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠨᠢᠭᠡᠨ ᠢᠯᠡᠷᠬᠡᠢ ᠣᠨᠴᠠᠯᠢᠭ ᠭᠡᠪᠡᠯ᠂ ᠬᠠᠭᠤᠴᠢᠨ ᠮᠠᠶ᠋ᠢᠭ ᠤᠨ ᠠᠨᠵᠢᠰᠤ ᠨᠠᠷᠬ᠎ᠠ ᠶᠢᠨ ᠰᠢᠳᠦ ᠶᠢ ᠨᠢᠭᠡ ᠯᠡ ᠥᠩᠭᠡ ᠪᠠᠷ ᠪᠦᠬᠦᠨ ᠢ ᠪᠠᠶᠢᠷᠢ ᠠᠴᠠ ᠨᠢ ᠪᠠᠭᠤᠯᠭᠠᠵᠤ᠂ ᠡᠯ᠎ᠡ ᠵᠦᠢᠯ ᠤᠨ ᠬᠡᠯᠪᠡᠷᠢ ᠶᠢᠨ ᠲᠷᠠᠺᠲ᠋ᠣᠷ᠂ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ᠂ ᠦᠷ᠎ᠡ ᠰᠠᠴᠤᠬᠤ ᠮᠠᠰᠢᠨ᠂ ᠪᠣᠷᠳᠣᠭᠤᠷ ᠣᠷᠣᠭᠤᠯᠬᠤ ᠮᠠᠰᠢᠨ ᠵᠡᠷᠭᠡ ᠲᠦᠭ ᠲᠦᠮᠡᠨ ᠠᠶᠢᠯ ᠡᠷᠦᠬᠡ ᠳᠤ ᠣᠷᠣᠭᠰᠠᠨ ᠶᠠᠪᠤᠳᠠᠯ ᠪᠣᠯᠣᠨ᠎ᠠ᠃ ᠯᠢ ᠬᠤᠸᠠ ᠪᠠᠯᠭᠠᠰᠤᠨ ᠤ ᠲᠦ᠋ ᠴᠧᠩ ᠽᠢ ᠲᠣᠰᠬᠤᠨ ᠤ ᠵᠠᠩ ᠯᠢ ᠫᠢᠩ 100 ᠭᠠᠷᠤᠢ ᠮᠦ ᠤᠰᠤᠨ ᠲᠠᠷᠢᠶ᠎ᠠ ᠡᠵᠡᠩᠨᠡᠵᠦ ᠪᠤᠢ᠃ ᠥᠩᠭᠡᠷᠡᠭᠰᠡᠨ ᠳᠤ ᠳᠡᠳᠡᠨ ᠤ ᠬᠢᠨ ᠲᠠᠷᠢᠶ᠎ᠠ ᠲᠠᠷᠢᠬᠤ ᠳᠠᠭᠠᠨ ᠴᠥᠮ ᠬᠤᠶᠠᠷ ᠬᠥᠯᠦᠰᠢᠨ ᠦᠬᠡᠷ ᠲᠤ ᠲᠦᠰᠢᠭᠯᠡᠵᠦ ᠲᠠᠷᠢᠶ᠎ᠠ ᠲᠠᠷᠢᠳᠠᠭ ᠪᠠᠶᠢᠵᠠᠢ᠃ ᠬᠥᠯᠦᠰᠢᠨ ᠦᠬᠡᠷ ᠤᠨ ᠠᠵᠢᠯ ᠬᠢᠬᠦ ᠨᠢ ᠤᠳᠠᠭᠠᠨ᠂ ᠡᠳᠦᠷ ᠲᠤ ᠬᠡᠳᠦᠬᠡᠨ ᠮᠦ ᠲᠠᠷᠢᠶ᠎ᠠ ᠲᠠᠷᠢᠵᠤ ᠳᠡᠶᠢᠯᠬᠦ ᠦᠭᠡᠢ᠃ ᠡᠨᠡ ᠵᠢᠯ ᠲᠡᠳᠡᠨ ᠤ ᠬᠢᠨ ᠬᠥᠯᠦᠰᠢᠨ ᠦᠬᠡᠷ ᠢᠶᠠᠨ ᠲᠠᠷᠭᠤᠯᠠᠭᠤᠯᠬᠤ ᠡᠩᠨᠡᠭᠡᠨ ᠳᠤ ᠣᠷᠣᠭᠤᠯᠵᠤ᠂ ᠤᠯᠤᠰ ᠤᠨ ᠲᠠᠷᠢᠶᠠᠯᠠᠩ ᠤᠨ ᠮᠠᠰᠢᠨ ᠤ ᠨᠥᠬᠦᠪᠦᠷᠢ ᠶᠢᠨ ᠲᠦᠷᠦ ᠶᠢᠨ ᠪᠣᠳᠣᠯᠭ᠎ᠠ ᠪᠠ ᠲᠠᠷᠢᠶᠠᠯᠠᠩ ᠤᠨ ᠪᠡᠯᠡ ᠮᠥᠩᠭᠦ ᠶᠢᠨ ᠣᠷᠣᠭᠤᠯᠤᠯᠲᠠ ᠪᠠᠷ ᠳᠠᠮᠵᠢᠭᠤᠯᠤᠨ᠂ ᠣᠳᠣᠬᠢᠴᠢᠯᠠᠭᠰᠠᠨ ᠲᠠᠷᠢᠶᠠᠯᠠᠩ ᠤᠨ ᠪᠦᠷᠢᠨ ᠲᠥᠬᠦᠷ ᠮᠠᠰᠢᠨ ᠬᠤᠳᠠᠯᠳᠤᠨ ᠠᠪᠴᠤ᠂ ᠭᠠᠵᠠᠷ ᠤᠷᠪᠠᠭᠤᠯᠬᠤ ᠦᠶ᠎ᠡ ᠳᠤ ᠲᠠᠪᠤᠨ ᠬᠤᠰᠢᠭᠤᠲᠤ ᠠᠨᠵᠢᠰᠤ᠂ ᠮᠠᠯᠲᠠᠭᠤᠷ ᠢᠶᠠᠷ ᠲᠠᠷᠢᠶᠠᠴᠢᠨ ᠠᠶᠢᠯ ᠤᠨ ᠪᠣᠷᠳᠣᠭᠤᠷ ᠢ ᠬᠥᠷᠪᠡᠭᠦᠯᠬᠦ ᠲᠡᠷᠭᠡ ᠬᠦᠷᠭᠡᠵᠦ᠂ ᠨᠢᠭᠡ ᠴᠠᠭ ᠤᠨ ᠳᠣᠲᠣᠷ᠎ᠠ ᠠᠷᠪᠠᠨ ᠬᠡᠳᠦᠨ ᠡᠳᠦᠷ ᠤᠨ ᠠᠵᠢᠯ ᠢ ᠬᠢᠭᠰᠡᠨ ᠪᠠᠶᠢᠨ᠎ᠠ᠃ ᠲᠠᠷᠢᠶᠠᠨ ᠭᠠᠵᠠᠷ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠠᠴᠠ ᠵᠠᠩ ᠯᠢ ᠫᠢᠩ ᠴᠢᠨᠠᠷ ᠰᠠᠶᠢᠲᠠᠢ ᠲᠠᠷᠢᠶᠠᠨ ᠭᠠᠵᠠᠷ ᠢ ᠰᠠᠶᠢᠲᠤᠷ ᠳᠠᠷᠢᠬᠤ ᠶᠢᠨ ᠬᠠᠮᠲᠤ ᠪᠠᠰᠠ ᠴᠠᠭ ᠭᠠᠷᠭᠠᠵᠤ ᠪᠠᠶᠢᠭᠠᠳ ᠪᠤᠰᠤᠳ ᠣᠷᠣᠯᠭ᠎ᠠ ᠶᠢᠨ ᠵᠦᠢᠯᠡᠰ ᠢ ᠡᠷᠭᠢᠯᠡᠵᠦ ᠴᠢᠳᠠᠬᠤ ᠪᠣᠯᠤᠭᠰᠠᠨ ᠪᠠᠶᠢᠨ᠎ᠠ᠃ ᠲᠡᠷᠡ ᠳᠡᠭᠦᠦ ᠵᠠᠩ ᠰᠠᠨ ᠪᠦᠦ ᠲᠠᠢ ᠪᠠᠨ ᠬᠠᠮᠲᠤ ᠯᠢ ᠬᠤᠸᠠ ᠦ᠋ ᠵᠢᠶᠦ᠋ᠨ ᠤ ᠡᠷᠲᠡᠨ ᠤ ᠬᠤᠳᠠ ᠶᠢᠨ ᠵᠤᠭᠠᠴᠠᠯ ᠤᠨ ᠦᠵᠡᠮᠵᠢ ᠶᠢᠨ ᠣᠷᠣᠨ ᠳᠤ ᠵᠤᠭᠠᠴᠠᠭᠰᠠᠳ ᠢ ᠬᠦᠯᠢᠶᠡᠨ ᠠᠪᠬᠤ ᠲᠠᠷᠢᠶᠠᠴᠢᠨ ᠠᠶᠢᠯ ᠤᠨ ᠵᠤᠭᠠᠴᠠᠯ ᠤᠨ ᠬᠤᠭᠤᠯᠠᠨ ᠭᠡᠷ ᠭᠠᠷᠭᠠᠵᠤ᠂ ᠲᠠᠷᠢᠶᠠᠯᠠᠩ ᠤᠨ ᠰᠡᠯᠡᠭᠦᠦ ᠴᠠᠭ ᠢᠶᠠᠨ ᠠᠰᠢᠭᠯᠠᠨ ᠵᠤᠭᠠᠴᠠᠭᠰᠠᠳ ᠢ ᠬᠦᠯᠢᠶᠡᠨ ᠠᠪᠴᠤ᠂ ᠲᠠᠷᠢᠶ᠎ᠠ ᠲᠠᠷᠢᠬᠤ ᠡᠵᠡᠩᠨᠡᠯᠲᠡ ᠶᠢᠨ ᠠᠯᠢ ᠶᠢ ᠨᠢ ᠴᠦ ᠰᠠᠭᠠᠲᠠᠭᠠᠭᠰᠠᠨ ᠦᠭᠡᠢ ᠪᠠᠷ ᠠᠵᠤ ᠠᠬᠤᠢ ᠶᠢᠨ ᠣᠷᠣᠯᠭ᠎ᠠ ᠶᠢ ᠶᠡᠭᠡ ᠪᠠᠷ ᠨᠡᠮᠡᠭᠳᠡᠭᠦᠯᠵᠡᠢ᠃ ᠣᠳᠣᠬᠠᠨ ᠳᠤ᠂ ᠵᠠᠩ ᠯᠢ ᠫᠢᠩ ᠮᠡᠲᠦ ᠶᠢᠨ ᠬᠥᠳᠡᠭᠡ ᠠᠵᠤ ᠠᠬᠤᠢ ᠶᠢᠨ ᠮᠠᠰᠢᠨᠴᠢᠯᠠᠯᠲᠠ ᠶᠢ ᠪᠡᠶᠡᠯᠡᠭᠦᠯᠦᠭᠰᠡᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠬᠥᠳᠡᠭᠡ ᠠᠵᠤ ᠠᠬᠤᠢ ᠶᠢᠨ ᠲᠠᠷᠢᠮᠠᠯ ᠤᠨ ᠺᠣᠮᠫᠠᠨᠢ ᠶᠢᠨ ᠵᠦᠸᠧᠽᠢ ᠰᠢᠶᠠᠨ ᠳᠤ ᠨᠢᠭᠡᠨᠲᠡ ᠮᠠᠰᠢ ᠤᠯᠠᠨ ᠪᠠᠶᠢᠨ᠎ᠠ᠃ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠰᠲ᠋ᠣᠺ ᠤᠨ ᠪᠦᠷᠢᠳᠬᠡᠯ ᠠᠴᠠ ᠦᠵᠡᠪᠡᠯ᠄ 2024 ᠣᠨ ᠳᠤ᠂ ᠵᠦᠸᠧᠽᠢ ᠰᠢᠶᠠᠨ ᠤ ᠡᠯ᠎ᠡ ᠲᠥᠷᠥᠯ ᠤᠨ ᠣᠳᠣᠬᠢᠴᠢᠯᠠᠭᠰᠠᠨ᠂ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠮᠧᠬᠠᠨᠢᠭ ᠤᠨ ᠶᠡᠷᠦᠩᠬᠡᠢ ᠬᠡᠮᠵᠢᠶ᠎ᠡ ᠨᠢᠭᠡᠨᠲᠡ 111400 ᠺᠢᠯᠣᠸᠠᠲ ᠲᠤ ᠬᠦᠷᠴᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠡᠮᠵᠢᠶ᠎ᠡ ᠵᠠᠭᠤᠨ ᠤ ᠵᠠᠭᠤ ᠳᠤ ᠬᠦᠷᠴᠡᠢ᠃         ᠨᠠᠶᠢᠷᠠᠭᠤᠯᠤᠭᠴᠢ   ᠤᠷᠴᠢᠭᠤᠯᠤᠭᠴᠢ   ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2