ᠵᠦᠸᠧᠽᠢ ᠰᠢᠶᠠᠨ ᠤ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠷᠰᠢᠶ᠎ᠠ ᠶᠢᠨ ᠠᠩᠬᠠᠳᠠᠭᠴᠢ ︽ᠬᠤᠪᠢ ᠶᠢᠨ ᠪᠠ ᠢᠲᠡᠭᠡᠮᠵᠢᠲᠦ ᠵᠢᠭᠡᠯᠡᠯᠭᠡ︾ ᠶᠢ ᠠᠮᠵᠢᠯᠲᠠ ᠲᠠᠢ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2024/3/21
   ᠵᠠᠩ ᠰᠢᠤᠸᠠᠢ ᠯᠢᠨ ᠡᠷ᠎ᠡ ᠡᠮ᠎ᠡ ᠬᠤᠶᠠᠭᠤᠯᠠ ᠨᠢᠭᠡ ᠦᠰᠦ ᠵᠠᠰᠠᠬᠤ ᠭᠠᠵᠠᠷ ᠡᠵᠡᠩᠨᠡᠵᠦ ᠪᠠᠶᠢᠨ᠎ᠠ᠂ ᠡᠨᠡ ᠵᠢᠯ ᠲᠥᠬᠦᠭᠡᠷᠦᠮᠵᠢ ᠬᠤᠳᠠᠯᠳᠤᠨ ᠠᠪᠬᠤ ᠶᠢᠨ ᠬᠠᠮᠲᠤ ᠡᠵᠡᠩᠨᠡᠯᠲᠡ ᠶᠢᠨ ᠬᠡᠪᠴᠢᠶ᠎ᠡ ᠪᠠᠨ ᠥᠷᠭᠡᠳᠬᠡᠬᠦ ᠰᠠᠨᠠᠭ᠎ᠠ ᠲᠠᠢ ᠪᠠᠶᠢᠪᠠ᠂ ᠭᠠᠷ ᠲᠠᠬᠢ ᠪᠡᠯᠡ ᠮᠥᠩᠭᠦ ᠬᠦᠷᠦᠯᠴᠡᠬᠦ ᠦᠭᠡᠢ ᠠᠴᠠ ᠪᠣᠯᠵᠤ᠂ ᠵᠦᠸᠧᠽᠢ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠠᠴᠠ ᠵᠢᠭᠡᠯᠡᠯᠭᠡ ᠠᠪᠬᠤ ᠪᠠᠷ ᠭᠤᠶᠤᠴᠢᠯᠠᠪᠠ᠃ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠵᠦᠸᠧᠽᠢ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠢᠨ ᠲᠡᠷᠡ ᠳᠠᠷᠤᠢ ᠳᠤᠨᠢ ᠠᠵᠢᠯᠲᠠᠳ ᠢᠶᠠᠨ ᠵᠣᠬᠢᠶᠠᠨ ᠪᠠᠶᠢᠭᠤᠯᠤᠨ ᠭᠡᠷ ᠲᠤᠨᠢ ᠬᠦᠷᠴᠦ ᠭᠠᠷ ᠭᠦᠢᠴᠡᠳᠬᠡᠯ ᠬᠢᠵᠦ᠂ ᠲᠡᠷᠡ ᠳᠠᠷᠤᠢ ᠳᠤᠨᠢ ᠵᠢᠭᠡᠯᠡᠯᠭᠡ ᠶᠢᠨ ᠪᠡᠯᠡ ᠮᠥᠩᠭᠦ ᠲᠠᠷᠬᠠᠭᠠᠭᠰᠠᠨ ᠪᠠᠶᠢᠨ᠎ᠠ᠃  ︽ᠦᠨᠡᠬᠡᠷ ᠪᠠᠴᠢᠮ ᠪᠠᠶᠢᠳᠠᠯ  ᠢ ᠰᠢᠢᠳᠪᠦᠷᠢᠯᠡᠴᠢᠬᠡᠯ᠎ᠡ ᡽ ︿ᠢᠲᠡᠭᠡᠮᠵᠢᠲᠦ ᠬᠤᠪᠢ  ᠶᠢᠨ ᠵᠢᠭᠡᠯᠡᠯᠭᠡ﹀ ᠨᠢ ᠪᠡᠷᠢᠴᠠᠭᠠᠨ ᠤ ᠪᠠᠲᠤᠯᠠᠭ᠎ᠠ  ᠶᠢ ᠬᠡᠷᠡᠭᠯᠡᠬᠦ ᠦᠭᠡᠢ ᠪᠠᠷ ᠪᠠᠷᠠᠬᠤ ᠦᠭᠡᠢ ᠬᠦᠦ ᠮᠥᠩᠭᠦ  ᠶᠢᠨ ᠨᠣᠷᠮ᠎ᠠ ᠨᠢ ᠴᠦ ᠳᠣᠣᠷ᠎ᠠ ᠪᠠᠶᠢᠳᠠᠭ ᠪᠣᠯᠬᠤᠷ ᠠᠵᠢᠯᠲᠠᠳ ᠨᠠᠳᠠ ᠳᠤ ᠭᠠᠷ ᠭᠦᠢᠴᠡᠳᠬᠡᠯ ᠬᠢᠵᠦ ᠥᠭᠪᠡᠯ ᠲᠤᠬᠠᠢ  ᠶᠢᠨ ᠲᠠᠯᠠᠪᠤᠷ ᠲᠤ ᠵᠣᠭᠤᠰ ᠣᠯᠵᠤ᠂ ᠬᠠᠮᠤᠭ ᠤᠨ ᠣᠬᠤᠷᠬᠠᠨ ᠬᠤᠭᠤᠴᠠᠭᠠᠨ ᠳᠤ ᠮᠢᠨᠤ ᠪᠡᠯᠡ ᠮᠥᠩᠭᠦᠨ ᠤ ᠠᠰᠠᠭᠤᠳᠠᠯ  ᠢ ᠰᠢᠢᠳᠪᠦᠷᠢᠯᠡᠵᠦ ᠥᠭᠲᠡᠭ ᠶᠤᠮ︾᠃ ᠵᠠᠩ ᠰᠢᠤᠸᠠᠢ ᠯᠢᠨ ᠪᠠᠶᠠᠷᠲᠠᠢ ᠪᠠᠷ ᠬᠡᠯᠡᠪᠡ᠃    ︽ᠬᠤᠪᠢ ᠶᠢᠨ ᠢᠲᠡᠭᠡᠮᠵᠢᠲᠦ ᠵᠢᠭᠡᠯᠡᠯᠭᠡ︾ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠢᠲᠡᠭᠡᠮᠵᠢ ᠶᠢᠨ ᠣᠯᠠᠨ ᠵᠦᠢᠯ ᠤᠨ ᠠᠷᠭ᠎ᠠ ᠵᠠᠮ ᠢᠶᠠᠷ ᠭᠤᠶᠤᠴᠢᠯᠠᠬᠤ ᠪᠠᠷ ᠳᠡᠮᠵᠢᠨ᠂ ᠭᠤᠷᠪᠠᠨ ᠲᠠᠯ᠎ᠠ ᠪᠠᠷ ᠢᠶᠠᠨ ᠲᠤᠭ᠎ᠠ ᠪᠠᠷᠢᠮᠲᠠ ᠶᠢ ᠬᠠᠮᠲᠤᠷᠠᠨ ᠵᠠᠭᠪᠤᠷ ᠪᠠᠶᠢᠭᠤᠯᠬᠤ ᠶᠢᠨ ᠬᠠᠮᠲᠤ ᠥᠪᠥᠷ ᠮᠣᠩᠭᠤᠯ ᠤᠨ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ  ᠠᠴᠠ ᠢᠲᠡᠭᠡᠮᠵᠢ ᠣᠯᠭᠤᠬᠤ ᠪᠠ ᠲᠤᠭ᠎ᠠ ᠬᠡᠮᠵᠢᠶ᠎ᠡ ᠶᠢᠨ ᠬᠤᠭᠤᠴᠠᠭ᠎ᠠ ᠬᠢᠵᠠᠭᠠᠷ ᠤᠨ ᠳᠣᠲᠣᠷ᠎ᠠ ᠲᠠᠷᠬᠠᠭᠠᠭᠰᠠᠨ᠂ ᠬᠠᠷᠢᠶᠠᠲᠤ ᠣᠷᠣᠨ ᠤ ᠳᠣᠲᠣᠷᠠᠬᠢ ᠵᠢᠵᠢᠭ ᠪᠢᠴᠢᠯ ᠠᠵᠤ ᠠᠬᠤᠶᠢᠯᠠᠯ ᠤᠨ ᠡᠵᠡᠨ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠢᠭᠡᠯᠡᠯᠭᠡ ᠳᠤ ᠬᠡᠷᠡᠭᠯᠡᠨ᠎ᠡ᠃ ᠲᠣᠰ ᠵᠦᠢᠯ ᠤᠨ ᠵᠢᠭᠡᠯᠡᠯᠭᠡ ᠶᠢᠨ ᠦᠢᠯᠡᠳᠬᠦᠨ ᠨᠢ ᠬᠠᠮᠤᠭ ᠤᠨ ᠬᠤᠷᠳᠤᠨ ᠳᠠᠭᠠᠨ 30 ᠮᠢᠨᠦ᠋ᠲ ᠤᠨ ᠳᠣᠲᠣᠷ᠎ᠠ ᠬᠢᠨᠠᠨ ᠵᠥᠪᠰᠢᠶᠡᠷᠡᠯ ᠢ ᠥᠩᠭᠡᠷᠡᠭᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠳᠪᠦᠷᠢᠯᠡᠯ ᠡᠵᠡᠩᠨᠡᠯᠲᠡ ᠳᠤ ᠦᠨᠡᠨ ᠬᠦ ᠢᠲᠡᠭᠡᠮᠵᠢ ᠶᠢᠨ ᠴᠢᠳᠠᠪᠤᠷᠢ ᠣᠯᠭᠤᠵᠤ ᠪᠣᠯᠣᠨ᠎ᠠ᠃   ᠲᠠᠷᠠᠭᠠᠴᠢ ᠶᠢᠨ ᠠᠯᠬᠤᠮ ᠳᠤ᠂ ᠵᠦᠸᠧᠽᠢ ᠰᠢᠶᠠᠨ ᠤ ᠬᠥᠳᠡᠭᠡ ᠲᠣᠰᠬᠤᠨ ᠤ ᠮᠡᠳᠡᠭᠡ ᠵᠠᠩᠭᠢᠵᠢᠯᠲᠠ ᠶᠢᠨ ᠬᠤᠷᠰᠢᠶ᠎ᠠ ᠶᠢᠨ ᠬᠢᠨ ᠦᠷᠭᠦᠯᠵᠢᠯᠡᠨ ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠰᠠᠭᠤᠷᠢᠯᠠᠨ᠂ ᠮᠥᠩᠭᠦᠨ ᠭᠦᠢᠯᠭᠡᠭᠡᠨ ᠤ ᠤᠬᠠᠭᠤᠯᠭ᠎ᠠ ᠶᠢᠨ ᠥᠷᠭᠡᠴᠡ ᠭᠦᠨᠴᠡ ᠶᠢ ᠥᠷᠭᠡᠳᠬᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠥᠭᠵᠢᠯᠲᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠵᠢᠵᠢᠭ ᠪᠢᠴᠢᠯ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠪᠠᠷ ᠬᠦᠴᠦᠨ ᠨᠡᠮᠡᠷᠢᠯᠡᠵᠦ᠂ ᠰᠢᠶᠠᠨ ᠤ ᠪᠦᠰᠡ ᠶᠢᠨ ᠠᠵᠤ ᠠᠬᠤᠢ ᠶᠢᠨ ᠥᠷᠨᠢᠩᠭᠦᠢ ᠬᠥᠭᠵᠢᠯᠲᠡ ᠶᠢ ᠲᠦᠯᠬᠢᠨ ᠠᠬᠢᠭᠤᠯᠤᠨ᠎ᠠ᠃         ᠨᠠᠶᠢᠷᠠᠭᠤᠯᠤᠭᠴᠢ   ᠤᠷᠴᠢᠭᠤᠯᠤᠭᠴᠢ   ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2