ᠵᠦᠸᠧᠽᠢ ᠰᠢᠶᠠᠨ︽ᠰᠠᠶᠢᠨ ᠡᠬᠢᠯᠡᠯᠲᠡ︾᠂ ︽ᠯᠠᠪᠳᠠᠭᠤᠨ ᠡᠭᠦᠳᠡ ᠪᠠᠨ ᠨᠡᠭᠡᠭᠡᠬᠦ︾ ᠠᠵᠢᠯ ᠳᠤ ᠪᠦᠬᠦ ᠬᠦᠴᠦᠨ ᠢᠶᠠᠷ ᠢᠶᠠᠨ ᠰᠢᠪᠲᠤᠯᠤᠯᠲᠠ ᠬᠢᠪᠡ
ᠨᠡᠶᠢᠲᠡᠯᠡᠭᠰᠡᠨ ᠴᠠᠭ᠄
2024/3/21
    ᠬᠥᠮᠥᠨ ᠬᠠᠪᠤᠷ ᠤᠨ ᠴᠠᠭ ᠲᠤ ᠡᠷᠲᠡ ᠢᠷᠡᠳᠡᠭ᠂ ᠲᠡᠮᠡᠴᠡᠯ ᠶᠠᠭ ᠴᠠᠭ ᠲᠠᠭᠠᠨ ᠢᠷᠡᠳᠡᠭ᠃ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠤᠨ︽ᠭᠤᠣᠯ ᠬᠦᠴᠦᠨ︾ ᠪᠣᠯᠤᠭᠰᠠᠨ ᠤ ᠬᠤᠪᠢ ᠳᠤ᠂ ᠵᠦᠸᠧᠽᠢ ᠰᠢᠶᠠᠨ ᠤ ᠡᠯ᠎ᠡ ᠠᠵᠤ ᠠᠬᠤᠶᠢᠯᠠᠯ ᠤᠨ ᠬᠢᠨ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭ᠎ᠠ ᠬᠠᠮᠤᠭ ᠤᠨ ᠲᠦᠷᠦᠭᠦᠨ ᠳᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠠᠭᠪᠤᠷ ᠢ ᠡᠬᠢᠯᠡᠭᠦᠯᠵᠦ᠂ ᠲᠦᠷᠦᠯ ᠵᠦᠢᠯ ᠢ ᠠᠳᠬᠤᠵᠤ᠂ ᠦᠢᠯᠡᠳᠪᠦᠷᠢᠯᠡᠯ ᠳᠤ ᠶᠠᠭᠠᠷᠠᠵᠤ᠂ ᠵᠠᠬᠢᠶᠠᠯᠠᠭ᠎ᠠ ᠶᠢᠨ ᠬᠠᠭᠤᠳᠠᠰᠤ ᠶᠢ ᠭᠦᠢᠴᠡᠳᠬᠡᠵᠦ᠂ ᠪᠣᠷᠤᠯᠠᠭᠤᠯᠭ᠎ᠠ ᠶᠢᠨ ᠵᠠᠮ ᠢᠶᠠᠨ ᠥᠷᠭᠡᠳᠬᠡᠵᠦ᠂ ᠨᠢᠭᠡᠳᠦᠭᠡᠷ ᠤᠯᠠᠷᠢᠯ ᠳᠤ︽ᠰᠠᠶᠢᠨ ᠡᠬᠢᠯᠡᠯᠲᠡ︾ ᠶᠢ ᠪᠡᠶᠡᠯᠡᠭᠦᠯᠬᠦ ᠪᠠᠷ ᠴᠢᠷᠮᠠᠶᠢᠪᠠ᠃    ᠵᠦᠸᠧᠽᠢ ᠰᠢᠶᠠᠨ ᠤ ᠳ᠋ᠠ ᠢᠦᠢ ᠱᠣ ᠰᠢᠶᠠᠩ ᠳᠤ ᠪᠠᠶᠢᠭ᠎ᠠ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠰᠢᠪᠠᠷ ᠬᠢᠮᠢ ᠶᠢᠨ ᠠᠭᠤᠷᠬᠠᠢ ᠶᠢᠨ ᠤᠷᠢᠳᠴᠢᠯᠠᠨ ᠰᠢᠢᠳᠪᠦᠷᠢᠯᠡᠬᠦ ᠦᠢᠯᠡᠳᠪᠦᠷᠢ ᠶᠢᠨ ᠲᠠᠰᠤᠭ ᠲᠤ᠂ ᠪᠥᠮᠪᠦᠭᠡ ᠪᠠᠷ ᠦᠷᠦᠬᠦ ᠮᠠᠰᠢᠨ᠂ ᠬᠠᠭᠠᠰ ᠦᠷᠦᠬᠦ ᠮᠠᠰᠢᠨ ᠤ ᠲᠥᠬᠦᠭᠡᠷᠦᠮᠵᠢ ᠶᠢ ᠦᠢᠯᠡᠳᠪᠦᠷᠢᠯᠡᠯ ᠤᠨ ᠱᠤᠭᠤᠮ ᠳᠡᠭᠡᠷ᠎ᠡ ᠬᠡᠷᠡᠭᠯᠡᠵᠦ᠂ ᠦᠢᠯᠡᠳᠪᠦᠷᠢᠯᠡᠬᠦ᠂ ᠦᠢᠯᠡᠳᠬᠦ ᠠᠴᠠ ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠬᠦᠷᠲᠡᠯ᠎ᠡ᠂ ᠦᠢᠯᠡᠳᠪᠦᠷᠢᠯᠡᠯ ᠤᠨ ᠭᠤᠭᠴᠤᠭ᠎ᠠ ᠨᠢᠭᠡᠪᠦᠷᠢ ᠨᠢ ᠡᠮᠬᠢ ᠳᠢᠭᠯᠢᠮ ᠲᠠᠢ ᠪᠠᠶᠢᠵᠤ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠲᠠᠢ ᠪᠠᠶᠢᠯ᠎ᠠ᠃    ︽ᠥᠩᠭᠡᠷᠡᠭᠰᠡᠨ ᠳᠤ ᠵᠢᠯ ᠪᠦᠷᠢ ᠵᠢᠯ ᠥᠩᠭᠡᠷᠡᠭᠰᠡᠨ ᠤ ᠳᠠᠷᠠᠭ᠎ᠠ ᠠᠵᠢᠯ ᠡᠷᠢᠳᠡᠭ ᠪᠠᠶᠢᠭᠰᠠᠨ᠂ ᠭᠠᠳᠠᠨ᠎ᠠ ᠣᠷᠣᠨ ᠳᠤ ᠣᠴᠢᠬᠤ ᠳᠤ ᠴᠤ ᠬᠤᠯᠠ ᠪᠠᠶᠢᠳᠠᠭ᠂ ᠣᠲᠣ ᠪᠢᠳᠡᠨ ᠤ ᠭᠠᠷᠮᠠᠭᠠᠢ ᠬᠥᠷᠥᠩᠭᠡᠲᠡᠨ ᠳᠤ ᠠᠵᠢᠯ ᠣᠯᠬᠤ ᠲᠣᠬᠢᠶᠠᠯ ᠴᠤ ᠨᠡᠯᠢᠶᠡᠳ ᠠᠷᠪᠢᠨ ᠪᠣᠯᠵᠠᠢ᠂ ᠪᠢ ᠬᠦᠳᠡᠷ ᠰᠢᠯᠢᠬᠦ ᠦᠢᠯᠡᠳᠪᠦᠷᠢ ᠳᠤ ᠨᠢᠭᠡᠨᠲᠡ ᠲᠠᠪᠤᠨ ᠵᠢᠯ ᠰᠢᠬᠠᠮ ᠠᠵᠢᠯᠯᠠᠭᠰᠠᠨ᠂ ᠣᠲᠣ ᠣᠷᠣᠯᠭ᠎ᠠ ᠴᠤ ᠨᠡᠯᠢᠶᠡᠳ ᠶᠡᠭᠡ ᠪᠠᠶᠢᠨ᠎ᠠ᠂ ᠭᠠᠳᠠᠨ᠎ᠠ ᠣᠷᠣᠨ ᠳᠤ ᠣᠴᠢᠬᠤ  ᠠᠴᠠ ᠳᠣᠣᠷ᠎ᠠ ᠦᠭᠡᠢ︾ ᠭᠡᠵᠡᠢ᠃ ᠭᠡᠵᠦ ᠦᠢᠯᠡᠳᠪᠦᠷᠢᠯᠡᠯ ᠤᠨ ᠱᠤᠭᠤᠮ ᠳᠡᠭᠡᠷ᠎ᠡ ᠠᠵᠢᠯᠯᠠᠵᠤ ᠪᠠᠶᠢᠭ᠎ᠠ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠬᠦᠳᠡᠷ ᠰᠢᠯᠢᠬᠦ ᠦᠢᠯᠡᠳᠪᠦᠷᠢ ᠶᠢᠨ ᠤᠷᠢᠳᠴᠢᠯᠠᠨ ᠰᠢᠢᠳᠪᠦᠷᠢᠯᠡᠬᠦ ᠲᠠᠰᠤᠭ ᠤᠨ ᠳᠡᠳ᠋ ᠡᠷᠬᠢᠯᠡᠭᠴᠢ ᠳ᠋ᠦᠩ ᠰᠢᠤᠸᠠᠢ ᠲᠤᠤ ᠬᠡᠯᠡᠪᠡ᠃   ᠣᠶᠢᠷ᠎ᠠ ᠶᠢᠨ ᠬᠡᠳᠦᠨ ᠵᠢᠯ ᠳᠤ᠂ ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠠᠵᠤ ᠦᠢᠯᠡᠰ ᠤᠨ ᠲᠠᠰ ᠳᠡᠪᠰᠢᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠦᠳᠡᠷ ᠰᠢᠯᠢᠬᠦ ᠦᠢᠯᠡᠳᠪᠦᠷᠢᠯᠡᠯ ᠳᠤ ᠪᠦᠷᠢᠨ ᠠᠦ᠋ᠲ᠋ᠣᠴᠢᠯᠠᠭᠰᠠᠨ ᠡᠵᠡᠮᠳᠡᠯ ᠢ ᠬᠡᠷᠡᠭᠯᠡᠨ᠂ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠲᠥᠪᠯᠡᠷᠡᠭᠦᠯᠦᠨ ᠡᠵᠡᠮᠳᠡᠬᠦ ᠪᠠ ᠤᠷᠠᠯᠠᠯ ᠤᠨ ᠶᠠᠪᠤᠴᠠ ᠶᠢ ᠪᠡᠶᠡᠯᠡᠭᠦᠯᠵᠦ᠂ ᠤᠷᠠᠯᠠᠯ ᠤᠨ ᠪᠣᠯᠵᠣᠯᠲᠤ ᠲᠤᠭ᠎ᠠ ᠶᠢᠨ ᠠᠦ᠋ᠲ᠋ᠣ᠋ ᠲᠣᠬᠢᠷᠠᠭᠤᠯᠤᠯᠲᠠ ᠪᠠ ᠣᠶᠤᠨᠴᠢ ᠰᠢᠯᠢᠳᠡᠭᠵᠢᠭᠦᠯᠦᠯᠲᠡ ᠶᠢ ᠪᠡᠶᠡᠯᠡᠭᠦᠯᠵᠦ᠂ ᠬᠦᠳᠡᠷ ᠰᠢᠯᠢᠬᠦ ᠰᠢᠢᠳᠪᠦᠷᠢᠯᠡᠬᠦ ᠴᠢᠳᠠᠪᠤᠷᠢ᠂ ᠤᠷᠠᠯᠠᠯ ᠤᠨ ᠲᠣᠨᠤᠭ ᠲᠥᠬᠦᠭᠡᠷᠦᠮᠵᠢ ᠪᠠ ᠠᠦ᠋ᠲ᠋ᠣᠴᠢᠯᠠᠯᠲᠠ ᠶᠢᠨ ᠬᠡᠮᠵᠢᠶ᠎ᠡ ᠨᠢ ᠠᠵᠢᠯ ᠲᠥᠷᠥᠯ ᠤᠨ ᠲᠡᠷᠢᠭᠦᠨ ᠤ ᠬᠢᠷᠢ ᠲᠦᠪᠰᠢᠨ ᠳᠤ ᠬᠥᠷᠪᠡ᠃ ᠡᠨᠡ ᠵᠢᠯ ᠠᠵᠤ ᠠᠬᠤᠶᠢᠯᠠᠯ ᠦᠷᠭᠦᠯᠵᠢᠯᠡᠨ ᠬᠦᠴᠦᠷᠬᠡᠭ ᠶᠡᠭᠡ ᠦᠢᠯᠡᠳᠪᠦᠷᠢᠯᠡᠯ ᠤᠨ ᠬᠠᠨᠳᠤᠰᠢ ᠪᠠᠨ ᠪᠠᠲᠤᠯᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ 17.7 ᠳ᠋ᠦᠩᠰᠢᠭᠤᠷ ᠲᠥᠭᠦᠷᠢᠭ ᠤᠨ ᠵᠢᠯ ᠤᠨ ᠦᠢᠯᠡᠳᠬᠦᠨ ᠤ ᠦᠷᠳᠡᠭ ᠢ ᠳᠡᠭᠡᠭᠰᠢ ᠲᠤᠰᠢᠶᠠᠬᠤ ᠪᠠᠷ ᠲᠥᠯᠥᠪᠯᠡᠵᠦ᠂ 4.1 ᠳ᠋ᠦᠩᠰᠢᠭᠤᠷ ᠲᠥᠭᠦᠷᠢᠭ ᠤᠨ ᠠᠰᠢᠭ ᠭᠠᠶᠢᠯᠢ ᠶᠢ ᠳᠡᠭᠡᠭᠰᠢ ᠲᠤᠰᠢᠶᠠᠬᠤ ᠪᠠᠷ ᠲᠥᠯᠥᠪᠯᠡᠵᠦ ᠪᠠᠶᠢᠨ᠎ᠠ᠃    ᠥᠪᠥᠷ ᠮᠣᠩᠭᠤᠯ ᠤᠨ ᠭᠦᠸᠧ ᠴᠧᠩ ᠠᠵᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠪᠥᠭᠡᠳ ᠬᠦᠳᠡᠷ ᠰᠢᠯᠢᠬᠦ ᠦᠢᠯᠡᠳᠪᠦᠷᠢ ᠶᠢᠨ ᠳᠠᠷᠤᠭ᠎ᠠ ᠵᠠᠩ ᠲᠤᠤ ᠶᠢᠨ ᠲᠠᠨᠢᠯᠴᠠᠭᠤᠯᠤᠭᠰᠠᠨ ᠢᠶᠠᠷ᠂ 2024 ᠣᠨ ᠳᠤ ᠣᠷᠣᠭᠰᠠᠨ ᠠᠴᠠ ᠨᠠᠰᠢ᠂ ᠣᠨᠴᠠᠭᠠᠢ ᠠᠭᠤᠷ ᠠᠮᠢᠰᠬᠤᠯ ᠤᠨ ᠨᠥᠯᠥᠭᠡ ᠠᠴᠠ ᠪᠣᠯᠵᠤ᠂ ᠰᠠᠭᠤᠷᠢ ᠠᠵᠢᠯ ᠵᠣᠬᠢᠬᠤ ᠬᠢᠵᠠᠭᠠᠷᠯᠠᠯ ᠳᠤ ᠤᠴᠠᠷᠠᠵᠤ᠂ ᠨᠢᠭᠡᠳᠦᠭᠡᠷ ᠰᠠᠷ᠎ᠠ ᠠᠴᠠ ᠡᠬᠢᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢᠨ ᠭᠠᠷᠤᠯᠲᠠ ᠶᠢᠨ ᠬᠡᠮᠵᠢᠶ᠎ᠡ ᠠᠭᠠᠵᠢᠮ ᠢᠶᠠᠷ ᠨᠡᠮᠡᠭᠳᠡᠵᠦ᠂ ᠨᠢᠭᠡᠳᠦᠭᠡᠷ ᠰᠠᠷ᠎ᠠ ᠳᠤ ᠮᠠᠨ ᠤ ᠰᠢᠢᠳᠪᠦᠷᠢᠯᠡᠭᠰᠡᠨ ᠠᠭᠤᠷᠬᠠᠢ ᠶᠢᠨ ᠬᠡᠮᠵᠢᠶ᠎ᠡ 81000 ᠲᠣᠨ ᠳᠤ ᠬᠦᠷᠴᠦ᠂ ᠬᠤᠶᠠᠳᠤᠭᠠᠷ ᠰᠠᠷ᠎ᠠ ᠳᠤ 196000 ᠲᠣᠨ ᠳᠤ ᠬᠦᠷᠴᠡᠢ᠃ ᠪᠢᠳᠡ ᠠᠶᠤᠯ ᠦᠭᠡᠢ ᠪᠠᠷ ᠦᠢᠯᠡᠳᠪᠦᠷᠢᠯᠡᠬᠦ ᠦᠭᠡᠢ᠂ ᠣᠷᠴᠢᠨ ᠠᠬᠤᠢ ᠶᠢ ᠬᠠᠮᠠᠭᠠᠯᠠᠬᠤ ᠦᠭᠡᠢ ᠪᠠᠷ ᠦᠢᠯᠡᠳᠪᠦᠷᠢᠯᠡᠬᠦ ᠦᠭᠡᠢ᠂ ᠬᠠᠤᠯᠢ ᠳᠤ ᠨᠡᠶᠢᠴᠡᠬᠦ ᠦᠭᠡᠢ ᠪᠠᠷ ᠦᠢᠯᠡᠳᠪᠦᠷᠢᠯᠡᠬᠦ ᠦᠭᠡᠢ ᠪᠠᠶᠢᠬᠤ ᠵᠠᠷᠴᠢᠮ ᠢ ᠪᠠᠷᠢᠮᠲᠠᠯᠠᠵᠤ᠂ ᠤᠳᠤ ᠶᠠᠭ ᠲᠠᠷᠠᠭᠠᠴᠢ ᠶᠢᠨ ᠱᠠᠲᠤᠨ ᠳᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠪᠠᠷ ᠢᠳᠡᠪᠬᠢᠲᠡᠢ ᠪᠡᠯᠡᠳᠬᠡᠵᠦ ᠪᠠᠶᠢᠨ᠎ᠠ᠂ ᠭᠤᠷᠪᠠᠳᠤᠭᠠᠷ ᠰᠠᠷ᠎ᠠ ᠶᠢᠨ ᠳᠤᠮᠳᠠᠴᠢ ᠪᠠᠷ ᠪᠦᠬᠦ ᠰᠢᠰᠲ᠋ᠧᠮ ᠢᠶᠠᠷ ᠢᠶᠠᠨ ᠠᠵᠢᠯᠯᠠᠬᠤ ᠶᠢ ᠪᠡᠶᠡᠯᠡᠭᠦᠯᠵᠦ᠂ ᠭᠠᠷᠤᠯᠲᠠ ᠪᠠᠨ ᠭᠦᠢᠴᠡᠳ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃    ᠡᠨᠡ ᠵᠢᠯ᠂ ᠵᠦᠸᠧᠽᠢ ᠰᠢᠶᠠᠨ 500 ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠠᠵᠤ ᠦᠢᠯᠡᠳᠪᠦᠷᠢ ᠶᠢᠨ ᠶᠡᠷᠦᠩᠬᠡᠢ ᠪᠡᠯᠡ ᠣᠷᠣᠭᠤᠯᠤᠯᠲᠠ 42.33 ᠳ᠋ᠦᠩᠰᠢᠭᠤᠷ ᠲᠥᠭᠦᠷᠢᠭ ᠲᠤ ᠬᠦᠷᠴᠦ᠂ ᠲᠤᠰ ᠵᠢᠯ ᠳᠤ 11.33 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠬᠠᠭᠤᠳᠠᠰᠤ ᠶᠢ ᠪᠢᠴᠢᠭᠯᠡᠨ᠎ᠡ᠃ ᠵᠦᠸᠧᠽᠢ ᠰᠢᠶᠠᠨ ᠤ ᠬᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠣᠯᠭᠠᠵᠤ᠂ ︽ᠠᠵᠤ ᠠᠬᠤᠶᠢᠯᠠᠯ ᠳᠤ ᠦᠢᠯᠡᠴᠢᠯᠡᠬᠦ ᠪᠣᠯ ᠳᠠᠷᠤᠢ ᠬᠥᠭᠵᠢᠯᠲᠡ ᠳᠤ ᠦᠢᠯᠡᠴᠢᠯᠡᠬᠦ ᠶᠠᠪᠤᠳᠠᠯ ᠮᠥᠨ︾ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠲᠠᠯ᠎ᠠ ᠳᠤ ᠴᠠᠭ ᠲᠤᠬᠠᠢ ᠳᠤᠨᠢ ᠬᠠᠪᠰᠤᠷᠤᠯᠭ᠎ᠠ ᠦᠵᠡᠭᠦᠯᠵᠦ᠂ ᠠᠵᠤ ᠠᠬᠤᠶᠢᠯᠠᠯ ᠤᠨ ᠬᠦᠴᠢᠷᠳᠡᠯ ᠢ ᠬᠠᠮᠤᠭ ᠲᠡᠷᠢᠭᠦᠨ ᠳᠤ ᠰᠢᠢᠳᠪᠦᠷᠢᠯᠡᠵᠦ ᠥᠭᠴᠡᠢ᠃ ᠣᠲᠣ ᠪᠣᠯᠲᠠᠯ᠎ᠠ᠂ ᠪᠥᠬᠦ ᠰᠢᠶᠠᠨ ᠤ 16 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 15 ᠨᠢ ᠨᠢᠭᠡᠨᠲᠡ ᠠᠵᠢᠯ ᠢᠶᠠᠨ ᠰᠡᠷᠭᠦᠭᠡᠵᠦ᠂ 4399 ᠬᠥᠮᠥᠨ ᠵᠡᠷᠭᠡ ᠪᠠᠷ ︽ᠰᠦᠯᠵᠢᠶᠡᠨ ᠳᠡᠭᠡᠷ᠎ᠡ︾ ᠵᠠᠬᠢᠶᠠᠯᠠᠭ᠎ᠠ ᠬᠢᠵᠦ᠂ ᠨᠢᠭᠡᠳᠦᠭᠡᠷ ᠤᠯᠠᠷᠢᠯ ᠤᠨ ︽ᠡᠬᠢᠯᠡᠯᠲᠡ ᠶᠢᠨ ᠠᠮᠵᠢᠯᠲᠠ︾ ︽ᠡᠭᠦᠳᠡ ᠪᠠᠨ ᠯᠠᠪᠳᠠᠭᠤᠨ ᠢᠶᠠᠷ ᠨᠡᠭᠡᠭᠡᠬᠦ︾ ᠠᠵᠢᠯ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠪᠡ᠃         ᠨᠠᠶᠢᠷᠠᠭᠤᠯᠤᠭᠴᠢ   ᠤᠷᠴᠢᠭᠤᠯᠤᠭᠴᠢ   ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2