ᠵᠦᠸᠧᠽᠢ ᠰᠢᠶᠠᠨ᠄ ︽ᠰᠤᠷᠤᠯᠭ᠎ᠠ ᠶᠢ ᠬᠠᠮᠠᠭᠠᠯᠠᠬᠤ ᠬᠠᠷᠠᠭᠤᠯ︾ ᠳᠤ ᠰᠠᠶᠢᠲᠤᠷ ᠵᠣᠭᠰᠣᠵᠤ ᠠᠮᠤᠷ ᠲᠦᠪᠰᠢᠨ ᠤ ︽ᠴᠠᠭᠳᠠᠭ᠎ᠠ︾ ᠶᠢ ᠳᠠᠭᠠᠨ᠎ᠠ
ᠨᠡᠶᠢᠲᠡᠯᠡᠭᠰᠡᠨ ᠴᠠᠭ᠄
2024/3/27
    ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠨᠢ ᠪᠠᠭᠰᠢ ᠰᠤᠷᠤᠭᠴᠢᠳ ᠤᠨ ᠪᠡᠶ᠎ᠡ ᠶᠢᠨ ᠡᠷᠬᠡ ᠠᠰᠢᠭ ᠲᠠᠢ ᠬᠤᠯᠪᠣᠭᠳᠠᠬᠤ ᠪᠥᠭᠡᠳ ᠨᠡᠩ ᠴᠤ ᠨᠡᠶᠢᠭᠡᠮ ᠤᠨ ᠠᠮᠤᠷ ᠲᠣᠭᠲᠠᠭᠤᠨ ᠲᠠᠢ ᠬᠤᠯᠪᠣᠭᠳᠠᠨ᠎ᠠ᠃ ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠴᠠᠭᠳᠠᠭᠠᠨ ᠤ ᠰᠤᠷᠭᠠᠭᠤᠯᠢ ᠶᠢ ᠠᠭᠤᠰᠤᠯᠴᠠᠭᠤᠯᠤᠨ ᠬᠠᠮᠲᠤᠪᠠᠷ ᠪᠠᠶᠢᠭᠤᠯᠬᠤ ᠶᠢ ᠪᠦᠬᠦ ᠲᠠᠯ᠎ᠠ ᠪᠠᠷ᠂ ᠭᠦᠨ ᠲᠡᠰ ᠳᠠᠪᠬᠤᠷᠭ᠎ᠠ ᠪᠠᠷ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ︽ᠰᠤᠷᠤᠯᠭ᠎ᠠ ᠶᠢ ᠬᠠᠮᠠᠭᠠᠯᠠᠬᠤ ᠠᠵᠢᠯ ᠤᠨ ᠪᠠᠶᠢᠷᠢ︾ᠲᠣᠬᠢᠷᠠᠭᠤᠯᠬᠤ ᠶᠢ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ︽ᠰᠤᠷᠤᠯᠴᠠᠭᠴᠢ︾ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠡᠢ᠃    ᠵᠦᠸᠧᠽᠢ ᠰᠢᠶᠠᠨ ᠤ ᠪᠡᠭᠡᠵᠢᠩ ᠤᠨ ᠴᠣᠣᠶᠠᠩ ᠰᠤᠷᠭᠠᠭᠤᠯᠢ ᠶᠢᠨ ᠡᠭᠦᠳᠡᠨ ᠳᠤ᠂ ᠵᠠᠮ ᠬᠠᠷᠢᠯᠴᠠᠭᠠᠨ ᠤ ᠴᠠᠭᠳᠠᠭ᠎ᠠ ᠶᠢᠨ ᠬᠡᠳᠦᠨ ᠵᠢᠵᠢᠭᠦᠷᠯᠡᠭᠴᠢ ᠣᠳᠣ ᠶᠠᠭ ᠣᠷᠣᠨ ᠲᠣᠭᠤᠷᠢᠭ ᠤᠨ ᠬᠤᠪᠢᠶᠠᠷᠢᠯᠠᠯ ᠢᠶᠠᠷ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ ᠪᠠᠶᠢᠨ᠎ᠠ᠂ ᠲᠡᠷᠭᠡᠨ ᠤ ᠤᠷᠤᠰᠬᠠᠯ  ᠢ ᠬᠥᠲᠥᠯᠥᠨ ᠵᠢᠯᠤᠭᠤᠳᠴᠤ ᠰᠠᠯᠭᠠᠨ ᠲᠣᠬᠢᠷᠠᠭᠤᠯᠵᠤ᠂ ᠲᠡᠷᠭᠡ ᠬᠥᠰᠬᠡ  ᠶᠢ ᠵᠢᠯᠤᠭᠤᠳᠬᠤ ᠳᠠᠭᠠᠨ ᠳᠠᠷᠤᠶᠢᠬᠠᠨ ᠵᠣᠭᠰᠣᠭᠠᠵᠤ ᠳᠠᠷᠤᠶᠢᠬᠠᠨ ᠶᠠᠪᠤᠭᠤᠯᠵᠤ᠂ ᠠᠮᠤᠷ ᠲᠦᠪᠰᠢᠨ ᠡᠮᠬᠢ ᠵᠢᠷᠤᠮ ᠲᠠᠢ ᠪᠠᠷ ᠨᠡᠪᠲᠡᠷᠡᠭᠦᠯᠦᠨ᠂ ᠬᠡᠦᠬᠡᠳ  ᠢ ᠲᠤᠰᠴᠤ ᠬᠦᠷᠭᠡᠬᠦ ᠲᠡᠷᠭᠡ ᠬᠥᠰᠬᠡ  ᠶᠢ ᠵᠢᠭᠠᠨ ᠲᠣᠭᠲᠠᠭᠠᠭᠰᠠᠨ ᠭᠠᠵᠠᠷ ᠲᠤ ᠡᠮᠬᠢ ᠵᠢᠷᠤᠮ ᠲᠠᠢ ᠪᠠᠷ ᠵᠣᠭᠰᠣᠭᠠᠵᠤ᠂ ᠰᠤᠷᠤᠭᠴᠢᠳ  ᠢ ᠬᠠᠮᠠᠭᠠᠯᠠᠨ ᠬᠦᠷᠭᠡᠬᠦ  ᠶᠢᠨ ᠬᠠᠮᠲᠤ ᠨᠠᠰᠢ ᠴᠠᠰᠢ ᠥᠩᠭᠡᠷᠡᠬᠦ ᠲᠡᠷᠭᠡ ᠬᠥᠰᠬᠡ  ᠶᠢ ᠬᠤᠷᠳᠤᠴᠠ ᠪᠠᠨ ᠪᠠᠭᠠᠰᠬᠠᠵᠤ ᠤᠳᠠᠭᠠᠨ ᠶᠠᠪᠤᠬᠤ  ᠶᠢ ᠰᠠᠨᠠᠭᠤᠯᠵᠤ᠂ ᠰᠤᠷᠭᠠᠭᠤᠯᠢ  ᠶᠢᠨ ᠡᠭᠦᠳᠡᠨ ᠵᠢᠴᠢ ᠣᠶᠢᠷ᠎ᠠ ᠬᠠᠪᠢ  ᠶᠢᠨ ᠵᠠᠮ ᠬᠠᠷᠢᠯᠴᠠᠭᠠᠨ ᠤ ᠳᠠᠷᠤᠯᠲᠠ  ᠶᠢ ᠬᠥᠩᠭᠡᠷᠡᠭᠦᠯᠬᠦ  ᠶᠢ ᠦᠨᠡᠨᠬᠦ ᠪᠠᠲᠤᠯᠠᠬᠤ ᠬᠡᠷᠡᠭᠲᠡᠢ᠃    ᠡᠭᠦᠨ ᠤ ᠵᠡᠷᠭᠡ ᠳᠤ᠂ ᠣᠨᠴᠠ ᠴᠠᠭᠳᠠᠭ᠎ᠠ ᠰᠤᠷᠤᠭᠴᠢᠳ ᠤᠨ ᠰᠤᠷᠭᠠᠭᠤᠯᠢ ᠳᠤ ᠣᠷᠣᠬᠤ᠂ ᠰᠤᠷᠭᠠᠭᠤᠯᠢ ᠲᠠᠷᠬᠠᠬᠤ ᠴᠠᠭ ᠤᠨ ᠪᠠᠶᠢᠳᠠᠯ  ᠢ ᠦᠨᠳᠦᠰᠦᠯᠡᠨ᠂ ᠵᠢᠵᠢᠭᠦᠷᠯᠡᠬᠦ ᠴᠠᠭ ᠪᠠ ᠣᠷᠣᠨ ᠪᠠᠶᠢᠷᠢ  ᠶᠢ ᠵᠣᠬᠢᠰᠲᠠᠢ ᠲᠣᠬᠢᠷᠠᠭᠤᠯᠵᠤ᠂ ᠰᠠᠬᠢᠬᠤ ᠪᠠ ᠡᠭᠡᠯᠵᠢᠯᠡᠨ ᠰᠤᠷᠤᠯᠭ᠎ᠠ ᠪᠠᠨ ᠬᠠᠮᠠᠭᠠᠯᠠᠬᠤ  ᠶᠢ ᠤᠶᠠᠯᠳᠤᠭᠤᠯᠬᠤ ᠬᠡᠯᠪᠡᠷᠢ ᠪᠠᠷ ᠲᠣᠭᠤᠷᠢᠨ ᠴᠠᠭᠳᠠᠵᠤ ᠰᠡᠷᠭᠡᠶᠢᠯᠡᠬᠦ ᠠᠵᠢᠯ  ᠢ ᠥᠷᠨᠢᠭᠦᠯᠵᠦ᠂ ᠰᠤᠷᠭᠠᠭᠤᠯᠢ  ᠶᠢᠨ ᠬᠦᠷᠢᠶᠡᠨ ᠤ ᠡᠷᠭᠢᠨ ᠲᠣᠭᠤᠷᠢᠨ ᠤ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ ᠡᠷᠴᠢᠮ  ᠢ ᠴᠢᠩᠭᠠᠷᠠᠭᠤᠯᠤᠨ᠂ ᠴᠠᠭᠳᠠᠭ᠎ᠠ  ᠶᠢ ᠣᠯᠵᠤ ᠦᠵᠡᠬᠦ ᠨᠣᠷᠮ᠎ᠠ ᠪᠠ ᠬᠡᠷᠡᠭ ᠶᠠᠪᠤᠳᠠᠯ  ᠢ ᠬᠠᠮᠢᠶᠠᠷᠬᠤ ᠨᠣᠷᠮ᠎ᠠ  ᠶᠢ ᠳᠡᠭᠡᠭᠰᠢᠯᠡᠭᠦᠯᠦᠨ᠎ᠡ᠃    ᠵᠦᠸᠧᠽᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠶᠡᠭᠡ ᠠᠩᠭᠢ ᠶᠢᠨ ᠣᠨᠴᠠ ᠴᠠᠭᠳᠠᠭ᠎ᠠ ᠲᠢᠶᠠᠨ ᡁᠢ ᡁᠢ ᠶᠢᠨ ᠲᠠᠨᠢᠯᠴᠠᠭᠤᠯᠤᠭᠰᠠᠨ ᠢᠶᠠᠷ᠂ ᠶᠡᠭᠡ ᠠᠩᠭᠢ ᠶᠢᠨ ᠬᠢᠨ ᠬᠦᠨᠳᠦ ᠶᠡᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠭᠰᠠᠭᠠᠷ ᠢᠷᠡᠭᠰᠡᠨ ᠪᠥᠭᠡᠳ ᠵᠢᠯ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠶ᠎ᠠ ᠣᠷᠣᠨ ᠤ ᠪᠠᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠬᠦᠷᠴᠦ ᠰᠦᠷᠳᠡᠭᠦᠯᠦᠯ ᠢ ᠡᠰᠡᠷᠭᠦᠴᠡᠬᠦ ᠰᠣᠷᠢᠯᠲᠠ ᠬᠢᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠳᠡᠯᠭᠡᠭᠦᠷ ᠪᠠ ᠨᠡᠭᠦᠳᠡᠯ ᠳᠡᠯᠭᠡᠭᠦᠷ ᠲᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠮᠡᠳᠡᠬᠦ ᠣᠷᠣᠨ ᠪᠦᠰᠡ ᠳᠤ ᠲᠣᠣᠷ ᠲᠠᠲᠠᠬᠤ ᠮᠠᠶ᠋ᠢᠭ ᠤᠨ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠪᠦᠲᠦᠮᠵᠢᠲᠡᠢ ᠴᠡᠪᠡᠷᠰᠢᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠦᠴᠦᠲᠡᠢ ᠰᠦᠷᠳᠡᠭᠦᠯᠬᠦ ᠪᠣᠯᠣᠨ᠎ᠠ᠃    ᠡᠭᠦᠨ ᠤ ᠬᠠᠮᠲᠤ᠂ ᠵᠦᠸᠧᠽᠢ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠦᠨᠳᠦᠰᠦᠨ ᠱᠠᠲᠤᠨ ᠤ ᠨᠡᠶᠢᠭᠡᠮ ᠤᠨ ᠬᠠᠮᠢᠶᠠᠷᠤᠯᠲᠠ ᠶᠢᠨ ᠬᠦᠴᠦᠨ ᠢ ᠢᠳᠡᠪᠬᠢᠲᠡᠢ ᠪᠠᠷ ᠡᠮᠬᠢᠯᠡᠨ ᠨᠡᠶᠢᠯᠡᠭᠦᠯᠵᠦ᠂ ᠰᠤᠷᠭᠠᠭᠤᠯᠢ ᠶᠢᠨ ᠪᠠᠭᠰᠢ ᠠᠵᠢᠯᠲᠠᠨ᠂ ᠰᠣᠷᠣᠭᠴᠢ ᠶᠢᠨ ᠭᠡᠷ ᠤᠨ ᠠᠬᠠᠮᠠᠳ ᠵᠡᠷᠭᠡ ᠣᠯᠠᠨ ᠵᠦᠢᠯ ᠤᠨ ᠬᠦᠴᠦᠨ ᠢ ᠥᠷᠭᠡᠨ ᠢᠶᠠᠷ ᠳᠠᠶᠢᠴᠢᠯᠠᠨ᠂ ︽ᠴᠠᠭᠳᠠᠭ᠎ᠠ + ᠰᠤᠷᠭᠠᠭᠤᠯᠢ + ᠭᠡᠷ + N︾ ᠵᠠᠭᠪᠤᠷ ᠢᠶᠠᠷ ︽ᠰᠤᠷᠭᠠᠭᠤᠯᠢ ᠶᠢ ᠬᠠᠮᠠᠭᠠᠯᠠᠨ ᠴᠡᠴᠡᠷᠯᠢᠭ ᠢ ᠲᠥᠪᠬᠢᠨᠡᠭᠦᠯᠬᠦ︾ ᠠᠵᠢᠯ ᠳᠤ ᠬᠠᠮᠲᠤ ᠪᠠᠷ ᠣᠷᠣᠯᠴᠠᠵᠤ᠂ ︽ᠴᠠᠭᠳᠠᠭᠠᠨ ᠤ ᠳ᠋ᠧᠩ ᠲᠠᠢ ᠠᠭᠤᠯᠵᠠᠬᠤ᠂ ᠴᠠᠭᠳᠠᠭᠠᠨ ᠤ ᠲᠡᠷᠭᠡ ᠲᠠᠢ ᠠᠭᠤᠯᠵᠠᠬᠤ᠂ ᠴᠠᠭᠳᠠᠭ᠎ᠠ ᠲᠠᠢ ᠠᠭᠤᠯᠵᠠᠬᠤ᠂ ᠪᠠᠭᠰᠢ ᠲᠠᠢ ᠠᠭᠤᠯᠵᠠᠬᠤ᠂ ᠰᠤᠷᠤᠯᠭ᠎ᠠ ᠶᠢᠨ ᠠᠵᠢᠯ ᠤᠨ ᠪᠠᠶᠢᠷᠢ ᠲᠠᠢ ᠠᠭᠤᠯᠵᠠᠬᠤ︾ ᠠᠷᠭ᠎ᠠ ᠬᠡᠮᠵᠢᠶ᠎ᠡ ᠶᠢ ᠯᠠᠪᠳᠠᠭᠤᠨ ᠢᠶᠠᠷ ᠠᠬᠢᠭᠤᠯᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠪᠠᠶᠢᠬᠤ ᠶᠢ ᠠᠮᠤᠷ ᠠᠮᠤᠭᠤᠯᠠᠩ ᠭᠠᠷᠮᠠᠭᠠᠢ ᠬᠥᠷᠥᠩᠭᠡᠲᠡᠨ ᠤ ᠪᠦᠲᠦᠭᠡᠨ ᠪᠠᠶᠢᠭᠤᠯᠤᠯᠲᠠ ᠶᠢᠨ ᠭᠤᠣᠯ ᠬᠥᠭ ᠠᠶᠠᠰ ᠪᠣᠯᠭᠠᠭᠰᠠᠨ ᠪᠠᠶᠢᠨ᠎ᠠ᠃                                             ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2