ᠵᠦᠸᠧᠽᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ︽ᠨᠢᠭᠡ ᠬᠠᠤᠯᠢ ᠨᠢᠭᠡ ᠳᠦᠷᠢᠮ︾ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/27
   3 ᠰᠠᠷ᠎ᠠ ᠶᠢᠨ 26 ᠤ ᠡᠳᠦᠷ᠂ ᠵᠦᠸᠧᠽᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠳᠤᠭᠤᠶᠢᠯᠠᠩ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ︽ᠨᠢᠭᠡ ᠬᠠᠤᠯᠢ ᠨᠢᠭᠡ ᠳᠦᠷᠢᠮ︾ ᠤᠨ ᠬᠠᠤᠯᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠫᠣᠩ ᠹᠦ᠋ ᠴᠢᠤᠸᠠᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠭᠦᠸᠧ ᠯᠢ ᠯᠢ ᠣᠷᠣᠯᠴᠠᠭᠰᠠᠨ ᠵᠢᠴᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃
   ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠢᠳᠦᠶᠢᠩ ᠤᠨ ᠳ᠋ᠦᠩ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠵᠥᠩ ᠨᠧᠩ ᠪᠠᠶᠢᠭᠠᠯᠢ ᠶᠢᠨ ᠰᠢᠲᠠᠮᠠᠬᠠᠢ ᠬᠡᠢ ᠶᠢᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ︽ᠨᠢᠭᠡ ᠬᠠᠤᠯᠢ ᠨᠢᠭᠡ ᠳᠦᠷᠢᠮ︾ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠵᠢᠯᠤᠭᠤᠳᠴᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠤ ᠬᠠᠮᠠᠭᠠᠯᠠᠯᠲᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠵᠢᠯᠲᠠᠨ ᠤ ᠠᠵᠢᠯ ᠡᠷᠭᠢᠯᠡᠬᠦ ᠬᠢᠷᠢ ᠬᠡᠮ ᠬᠢᠭᠡᠳ ᠪᠣᠯᠪᠠᠰᠤᠷᠠᠭᠤᠯᠤᠯ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠠᠨᠠᠯ ᠰᠠᠨᠠᠭᠤᠯᠭ᠎ᠠ ᠳᠤᠷᠠᠳᠬᠤ ᠬᠡᠷᠡᠭᠲᠡᠢ᠃
   ᠪᠠᠶᠢᠴᠠᠭᠠᠬᠤ ᠳᠤᠭᠤᠶᠢᠯᠠᠩ ᠶᠠᠷᠢᠯᠴᠠᠬᠤ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠦᠬᠦᠢ ᠠᠵᠤ ᠠᠬᠤᠶᠢᠯᠠᠯ ᠪᠣᠯᠣᠨ ᠰᠠᠯᠠᠭ᠎ᠠ ᠮᠥᠴᠢᠷ ᠤᠳ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ︽ᠨᠢᠭᠡ ᠬᠠᠤᠯᠢ ᠨᠢᠭᠡ ᠳᠦᠷᠢᠮ︾ ᠤᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠣᠯᠠᠨ ᠲᠦᠮᠡᠨ ᠤ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠡᠩᠨᠡᠭᠡᠨ ᠤ ᠬᠦᠴᠦᠨ ᠢ ᠭᠦᠢᠴᠡᠳ ᠲᠣᠬᠢᠷᠠᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ  ᠶᠢ ᠴᠢᠩᠭᠠᠳᠬᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠷᠠᠭᠤᠯᠤᠨ᠂ ᠣᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠢᠨᠠᠯᠲᠠ ᠲᠠᠯᠪᠢᠬᠤ ᠳᠤ ᠣᠷᠣᠯᠴᠠᠭᠤᠯᠵᠤ᠂ ᠡᠯ᠎ᠡ ᠲᠥᠷᠥᠯ ᠤᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠨ᠎ᠠ᠃                                             ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2