ᠵᠦᠸᠧᠽᠢ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/29
    2024 ᠣᠨ ᠤ ᠪᠥᠬᠦ ᠣᠷᠣᠨ᠂ ᠪᠥᠬᠦ ᠬᠤᠲᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷᠢᠶ᠎ᠠ ᠭᠡᠰᠢᠭᠦᠨ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ︽ᠬᠤᠶᠠᠷ ᠡᠷᠡᠭᠦᠯ ᠮᠡᠨᠳᠦ︾ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂ 3 ᠰᠠᠷ᠎ᠠ ᠶᠢᠨ 20 ᠤ ᠡᠳᠦᠷ᠂ ᠵᠦᠸᠧᠽᠢ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠬᠡᠪᠴᠢᠶᠡᠨ ᠳᠠᠬᠢ ᠰᠢᠷᠠᠭᠰᠠᠨ ᠲᠠᠬᠢᠶ᠎ᠠ ᠶᠢᠨ ᠠᠵᠤ ᠠᠬᠤᠶᠢᠯᠠᠯ ᠪᠣᠯᠣᠨ ᠬᠤᠳᠠᠯᠳᠤᠭᠠᠨ ᠤ ᠬᠡᠳᠦ ᠳᠡᠯᠭᠡᠭᠦᠷ ᠤᠨ ᠬᠠᠷᠢᠭᠤᠴᠠᠯᠭᠠᠲᠠᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃ ᠵᠢᠷᠤᠭ   ᠬᠤᠷᠠᠯ ᠳᠡᠭᠡᠷ᠎ᠡ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ 2024 ᠣᠨ ᠤ ᠪᠦᠬᠦ ᠣᠷᠣᠨ᠂ ᠪᠦᠬᠦ ᠬᠤᠳᠠ ᠶᠢᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠨᠢ ᠠᠵᠤ ᠠᠬᠤᠶᠢᠯᠠᠯ ᠤᠨ ᠥᠨᠳᠥᠷ ᠪᠦᠲᠦᠮᠵᠢᠲᠡᠶ ᠬᠥᠭᠵᠢᠯᠲᠡ ᠲᠠᠢ ᠨᠢᠭᠲᠠ ᠬᠤᠯᠪᠣᠭ᠎ᠠ ᠲᠠᠢ ᠶᠤᠮ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠤ ᠠᠬᠤᠶᠢᠯᠠᠯ ᠤᠨ ᠬᠥᠭᠵᠢᠯᠲᠡ ᠳᠠᠬᠢ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ ᠠᠵᠤ ᠠᠬᠤᠶᠢᠯᠠᠯ ᠤᠨ ᠬᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠦᠢᠯᠡᠴᠢᠯᠡᠭᠡᠨ ᠤ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠤ᠂ ᠪᠦᠬᠦ ᠰᠢᠶᠠᠨ ᠤ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠠᠶᠢᠭᠤᠯᠤᠯᠲᠠ ᠶᠢ ᠬᠠᠮᠲᠤᠪᠠᠷ ᠠᠬᠢᠭᠤᠯᠬᠤ ᠶᠢ ᠬᠦᠰᠡᠵᠦ ᠪᠠᠶᠢᠨ᠎ᠠ᠃    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠳᠤ ︽ᠢᠳᠡᠭᠡᠨ ᠤ ᠵᠦᠢᠯ ᠤᠨ ᠦᠢᠯᠡᠳᠪᠦᠷᠢᠯᠡᠯ ᠤᠨ ᠠᠮᠤᠷ ᠲᠦᠪᠰᠢᠨ︾ ᠤ ᠬᠠᠮᠢᠶ᠎ᠠ ᠪᠦᠬᠦᠢ ᠠᠭᠤᠯᠭ᠎ᠠ ᠱᠠᠭᠠᠷᠳᠠᠯᠭ᠎ᠠ ᠶᠢ ᠤᠬᠠᠭᠤᠯᠤᠨ ᠲᠠᠶᠢᠯᠪᠤᠷᠢᠯᠠᠵᠤ᠂ ︽ᠡᠳᠦᠷ ᠢᠶᠠᠷ ᠬᠠᠮᠢᠶᠠᠷᠤᠨ ᠡᠵᠡᠮᠳᠡᠵᠦ᠂ ᠭᠠᠷᠠᠭ ᠢᠶᠠᠷ ᠵᠢᠭᠰᠠᠭᠠᠨ ᠪᠠᠶᠢᠴᠠᠭᠠᠬᠤ︾ ᠬᠠᠷᠢᠭᠤᠴᠠᠯᠭ᠎ᠠ ᠶᠢᠨ ᠨᠠᠷᠢᠨ ᠲᠠᠩᠰᠠ᠂ ︽ᠠᠵᠤ ᠠᠬᠤᠶᠢᠯᠠᠯ ᠤᠨ ᠣᠨ ᠤ ᠮᠡᠳᠡᠭᠦᠯᠦᠯᠲᠡ︾ ᠵᠢᠴᠢ ᠢᠲᠡᠭᠡᠮᠵᠢ ᠶᠢ ᠲᠠᠰ ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ᠂ ᠢᠲᠡᠭᠡᠮᠵᠢ ᠶᠢ ᠰᠡᠷᠭᠦᠭᠡᠬᠦ ᠵᠡᠷᠭᠡ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠳᠤ ᠴᠢᠭᠯᠡᠭᠦᠯᠦᠨ ᠨᠠᠷᠢᠨ ᠲᠣᠳᠣᠷᠬᠠᠢ ᠪᠥᠭᠡᠳ ᠭᠦᠨᠵᠡᠭᠡᠢ ᠲᠠᠶᠢᠯᠤᠮᠵᠢ ᠪᠠ ᠵᠢᠯᠣᠭᠤᠳᠤᠯᠭ᠎ᠠ ᠬᠢᠵᠡᠢ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠳ ᠢᠳᠡᠭᠡᠨ ᠤ ᠠᠮᠤᠷ ᠲᠦᠪᠰᠢᠨ ᠤ ᠦᠨᠡᠨᠴᠢ ᠢᠲᠡᠭᠡᠮᠵᠢ ᠶᠢᠨ ᠠᠰᠠᠭᠤᠳᠠᠯ᠂ ᠨᠡᠶᠢᠭᠡᠮ ᠤᠨ ᠮᠠᠭᠤ ᠰᠠᠨᠠᠭ᠎ᠠ ᠲᠠᠢ ᠪᠠᠷ ᠵᠠᠭᠠᠯᠳᠤᠬᠤ᠂ ︽ᠬᠠᠭᠤᠷᠮᠠᠭ ᠲᠤ ᠴᠣᠬᠢᠯᠲᠠ ᠥᠭᠬᠦ ᠲᠤᠬᠠᠶᠢᠯᠠᠭᠰᠠᠨ ᠠᠵᠢᠯ ᠤᠨ ᠬᠥᠮᠥᠨ︾ ᠵᠡᠷᠭᠡ ᠶᠢᠨ ᠲᠠᠯ᠎ᠠ ᠪᠠᠷ ᠥᠷᠭᠡᠨ ᠢᠶᠠᠷ ᠰᠣᠯᠢᠯᠴᠠᠵᠤ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠲᠠᠯ᠎ᠠ ᠶᠢᠨ ᠠᠰᠠᠭᠤᠳᠠᠯ ᠢ ᠬᠠᠮᠲᠤ ᠪᠠᠷ ᠵᠠᠳᠠᠯᠤᠨ ᠰᠢᠨᠵᠢᠯᠡᠪᠡ᠃ ᠤᠯᠠᠨ ᠢᠶᠠᠷ ᠢᠶᠠᠨ᠂ ᠪᠠᠷᠠᠭᠠᠨ ᠤ ᠢᠷᠡᠯᠲᠡ ᠶᠢ ᠡᠵᠡᠮᠳᠡᠬᠦ ᠶᠢ ᠦᠷᠭᠦᠯᠵᠢᠯᠡᠨ ᠴᠢᠩᠭ᠎ᠠ ᠠᠳᠬᠤᠵᠤ᠂ ᠦᠨᠡᠨ ᠪᠣᠳᠠᠲᠠᠢ ᠮᠠᠲ᠋ᠧᠷᠢᠶᠠᠯ ᠢ ᠭᠦᠢᠴᠡᠳᠬᠡᠵᠦ᠂ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠬᠡᠷᠡᠭᠯᠡᠭᠴᠢᠳ ᠲᠤ︽ᠵᠢᠩ ᠯᠠᠩ ᠳᠤᠲᠠᠭᠤᠯᠬᠤ︾ᠦᠭᠡᠢ ᠪᠠᠷ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠠᠵᠤ ᠠᠬᠤᠶᠢᠯᠠᠯ ᠤᠨ ᠲᠦᠷᠦᠯ ᠲᠡᠮᠳᠡᠭ ᠤᠨ ᠳᠦᠷᠢ ᠲᠥᠷᠬᠦ ᠶᠢ ᠨᠠᠨᠳᠢᠩᠨᠠᠨ ᠬᠠᠮᠠᠭᠠᠯᠠᠵᠤ᠂ ᠨᠡᠶᠢᠭᠡᠮ ᠨᠡᠶᠢᠲᠡ ᠳᠤ ᠠᠵᠤ ᠠᠬᠤᠶᠢᠯᠠᠯ ᠤᠨ ᠬᠠᠮᠤᠭ ᠤᠨ ᠶᠡᠭᠡ ᠦᠨᠡᠨᠴᠢ ᠢᠲᠡᠭᠡᠮᠵᠢ ᠶᠢ ᠢᠯᠡᠷᠡᠭᠦᠯᠦᠨ᠎ᠡ ᠭᠡᠵᠦ ᠢᠯᠡᠳᠬᠡᠵᠡᠭᠡᠪᠡ᠃    ᠳᠠᠷᠠᠭᠠᠴᠢ ᠶᠢᠨ ᠠᠯᠬᠤᠮ ᠳᠤ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠦᠷᠭᠦᠯᠵᠢᠯᠡᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂︽ᠬᠤᠶᠠᠷ ᠡᠷᠡᠭᠦᠯ ᠮᠡᠨᠳᠤ︾ ᠶᠢᠨ ᠠᠵᠢᠯ ᠤᠨ ᠲᠣᠭᠤᠷᠢᠨ ᠳᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠬᠥᠲᠥᠯᠥᠨ ᠵᠢᠯᠤᠭᠤᠳᠴᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠪᠣᠯᠣᠨ ᠪᠦᠲᠦᠭᠡᠯᠴᠢ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠭᠠᠷᠮᠠᠭᠠᠢ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃                                           ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2