ᠵᠦᠸᠧᠽᠢ ᠰᠢᠶᠠᠨ᠄ ᠣᠨᠳᠣᠣ ᠭᠠᠵᠠᠷ ᠲᠤ ᠨᠡᠭᠦᠵᠦ ᠣᠯᠠᠨ ᠲᠦᠮᠡᠨ ᠢ ᠲᠦᠷᠭᠡᠨ ᠰᠠᠶᠢᠨ ᠠᠮᠢᠳᠤᠷᠠᠯ ᠲᠠᠢ ᠪᠣᠯᠭᠠᠨ᠎ᠠ
ᠨᠡᠶᠢᠲᠡᠯᠡᠭᠰᠡᠨ ᠴᠠᠭ᠄
2024/3/29
    8 ᠰᠢᠶᠠᠩ ᠪᠠᠯᠭᠠᠰᠤ᠂ 323 ᠠᠶᠢᠯ ᠲᠣᠰᠬᠤᠨ᠂ 4520 ᠡᠷᠦᠬᠡ᠂ 11125 ᠬᠥᠮᠥᠨ ᠁ ᠲᠣᠰᠬᠤᠨ ᠠᠴᠠ ᠬᠤᠲᠠ ᠬᠦᠷᠲᠡᠯ᠎ᠡ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠠᠴᠠ ᠪᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠦᠷᠲᠡᠯ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠦᠷᠲᠡᠯ᠎ᠡ᠂ ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠤ ᠬᠢᠨ ᠨᠡᠭᠦᠭᠰᠡᠨ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠠᠭᠤᠳᠠᠯ ᠠᠴᠠ ᠭᠠᠷᠳᠠᠵᠤ᠂ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ᠂ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠪᠠᠶᠢᠭᠤᠯᠬᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ︽ᠰᠡᠭᠦᠯᠴᠢ ᠶᠢᠨ ᠬᠠᠭᠠᠰ ᠶᠠᠪᠤᠳᠠᠯ︾ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠠᠮᠢᠳᠤᠷᠠᠯ ᠢ ᠪᠠᠲᠤᠯᠠᠵᠠᠢ᠃
   2022 ᠣᠨ ᠳᠤ᠂ ᠵᠧᠩ ᠭᠦᠸᠧ ᠧ ᠲᠣᠰᠬᠤᠨ ᠠᠴᠠ ᠪᠠᠨ ᠹᠦ᠋ ᠺᠠᠩ ᠪᠠᠭ᠎ᠠ ᠲᠣᠭᠤᠷᠢᠭ ᠲᠤ ᠨᠡᠭᠦᠵᠦ ᠣᠷᠣᠪᠠ᠂ ᠣᠶᠢᠷ᠎ᠠ ᠶᠢᠨ ᠡᠳᠦᠷ᠂ ᠰᠤᠷᠪᠤᠯᠵᠢᠯᠠᠭᠴᠢ ᠣᠨᠳᠣᠣ ᠭᠠᠵᠠᠷ ᠲᠤ ᠨᠡᠭᠦᠵᠦ ᠶᠠᠳᠠᠭᠤ ᠶᠢ ᠲᠡᠳᠬᠦᠬᠦ ᠪᠠᠷ ᠨᠡᠭᠦᠭᠰᠡᠨ ᠤᠯᠠᠨ ᠲᠦᠮᠡᠨ ᠵᠧᠩ ᠭᠦᠸᠧ ᠧ ᠶᠢᠨ ᠭᠡᠷ ᠲᠤ ᠳᠠᠬᠢᠨᠲᠠ ᠬᠦᠷᠴᠦ᠂ ᠲᠡᠭᠦᠨ ᠳᠤ ᠬᠠᠮᠤᠭ ᠤᠨ ᠶᠡᠭᠡ ᠲᠥᠷᠥᠭᠳᠡᠯ ᠥᠭᠭᠦᠭᠰᠡᠨ ᠨᠢ᠂ ᠤᠳᠤ ᠶᠢᠨ ᠠᠮᠢᠳᠤᠷᠠᠯ ᠨᠡᠩ ᠡᠷᠡᠮᠡᠯᠵᠡᠯ ᠲᠠᠢ ᠪᠣᠯᠤᠭᠰᠠᠨ ᠶᠠᠪᠤᠳᠠᠯ ᠪᠣᠯᠣᠨ᠎ᠠ᠃
   ᠵᠦᠸᠧᠽᠢ ᠰᠢᠶᠠᠨ ᠢ ᠣᠨᠳᠣᠣ ᠭᠠᠵᠠᠷ ᠲᠤ ᠨᠡᠭᠦᠯᠭᠡᠪᠡ ᠹᠦ᠋ ᠺᠠᠩ ᠪᠠᠭ᠎ᠠ ᠲᠣᠭᠤᠷᠢᠭ ᠤᠨ ᠰᠠᠭᠤᠭᠠᠯᠢ ᠠᠷᠠᠳ ᠵᠧᠩ ᠭᠦᠸᠧ ᠧ    ᠤᠳᠦ ᠤᠯᠤᠰ ᠤᠨ ᠲᠤᠶᠢᠷᠦ ᠶᠢᠨ ᠪᠣᠳᠣᠯᠭ᠎ᠠ ᠶᠡᠭᠡ ᠰᠠᠶᠢᠨ ᠪᠠᠶᠢᠨ᠎ᠠ᠂ ᠨᠡᠭᠦᠵᠦ ᠪᠠᠭᠤᠭᠠᠳ ᠡᠪᠦᠯ ᠤᠨ ᠤᠯᠠᠷᠢᠯ ᠤᠨ ᠦᠢᠯᠡᠳᠪᠦᠷᠢ ᠶᠢᠨ ᠲᠡᠰᠤᠬ ᠲᠤ ᠪᠠᠭ᠎ᠠ ᠰᠠᠭ᠎ᠠ ᠠᠵᠢᠯ ᠬᠢᠵᠦ᠂ ᠵᠤᠠ ᠤ ᠤᠯᠠᠷᠢᠯ ᠳᠤ ᠠᠳᠡ ᠢᠷᠡᠵᠦ ᠨᠣᠭᠤᠭᠠᠨ ᠴᠡᠴᠡᠭ᠂ ᠴᠢᠨᠵᠦᠦ ᠬᠡᠷᠴᠢᠭᠡᠳ ᠶᠡᠭᠡ ᠰᠠᠶᠢᠨ ᠪᠠᠶᠢᠨ᠎ᠠ᠂ ᠣᠷᠣᠯᠭ᠎ᠠ ᠨᠢ ᠴᠦ ᠶᠡᠭᠡ ᠠᠷᠪᠢᠨ ᠪᠠᠶᠢᠨ᠎ᠠ᠃    ᠵᠦᠸᠧᠽᠢ ᠰᠢᠶᠠᠨ ᠤ ᠣᠨᠳᠣᠣ ᠭᠠᠵᠠᠷ ᠲᠤ ᠨᠡᠭᠦᠭᠰᠡᠨ︽ᠦ᠋ ᠹᠦ᠋︾ᠪᠠᠭ᠎ᠠ ᠲᠣᠭᠤᠷᠢᠭ 2019 ᠣᠨ ᠳᠤ ᠨᠡᠭᠦᠵᠦ ᠰᠠᠭᠤᠭᠰᠠᠨ ᠠᠴᠠ ᠤᠳᠤ ᠪᠣᠯᠲᠠᠯ᠎ᠠ᠂ ᠣᠬᠤᠷᠬᠠᠨ ᠬᠡᠳᠦᠨ ᠵᠢᠯ ᠤᠨ ᠬᠤᠭᠤᠴᠠᠭᠠᠨ ᠳᠤ᠂ ᠮᠠᠰᠢ ᠤᠯᠠᠨ ᠭᠡᠷ ᠪᠦᠯᠢ ᠶᠢᠨ ᠬᠢᠨ ᠵᠧᠩ ᠭᠦᠸᠧ ᠧ ᠶᠢᠨ ᠭᠡᠷ ᠪᠦᠯᠢ ᠲᠠᠢ ᠠᠳᠠᠯᠢ ᠪᠠᠷ ᠪᠠᠶᠠᠷᠯᠠᠭᠤᠰᠢᠲᠠᠢ ᠬᠤᠪᠢᠷᠠᠯᠲᠠ ᠭᠠᠷᠴᠠᠢ᠃ ᠣᠨᠳᠣᠣ ᠭᠠᠵᠠᠷ ᠲᠤ ᠨᠡᠭᠦᠯᠭᠡᠬᠦ ᠲᠦᠷᠦ ᠶᠢᠨ ᠪᠣᠳᠣᠯᠭ᠎ᠠ ᠨᠢ ᠵᠢᠶᠠ ᠰᠠᠨ ᠬᠧ ᠶᠢᠨ ᠨᠢᠭᠡ ᠭᠡᠷ ᠤᠨ ᠬᠢᠨ ᠢ ᠰᠢᠪᠠᠷ ᠪᠠᠶᠢᠰᠢᠩ ᠠᠴᠠ ᠰᠠᠯᠭᠠᠵᠤ᠂ ᠰᠢᠨ᠎ᠡ ᠠᠰᠠᠷ ᠲᠤ ᠰᠠᠭᠤᠯᠭᠠᠵᠤ᠂ ᠰᠠᠶᠢᠨ ᠰᠠᠶᠢᠬᠠᠨ ᠠᠮᠢᠳᠤᠷᠠᠯ ᠢ ᠲᠦᠷᠭᠡᠨ ᠥᠩᠭᠡᠷᠡᠭᠦᠯᠵᠡᠢ᠃
   ᠵᠦᠸᠧᠽᠢ ᠰᠢᠶᠠᠨ ᠢ ᠣᠨᠳᠣᠣ ᠭᠠᠵᠠᠷ ᠲᠤ ᠨᠡᠭᠦᠯᠭᠡᠪᠡ ᠹᠦ᠋ ᠠᠨ ᠪᠠᠭ᠎ᠠ ᠲᠣᠭᠤᠷᠢᠭ ᠤᠨ ᠰᠠᠭᠤᠭᠠᠯᠢ ᠠᠷᠠᠳ ᠵᠢᠶᠠ ᠰᠠᠨ ᠬᠧ    ᠮᠠᠨ ᠤ ᠨᠠᠰᠤᠲᠠᠶᠢᠴᠤᠳ ᠥᠲᠡᠯᠪᠡᠯ ᠠᠰᠠᠷᠠᠮᠵᠢ ᠲᠠᠢ᠂ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠦᠷ᠎ᠡ ᠠᠴᠢ ᠨᠠᠷ ᠨᠢᠯᠬ᠎ᠠ ᠬᠡᠦᠬᠡᠳ ᠲᠠᠢ ᠪᠣᠯᠬᠤ ᠶᠢ ᠦᠨᠡᠨ ᠬᠦ ᠪᠡᠶᠡᠯᠡᠭᠦᠯᠵᠡᠢ᠂ ᠡᠳᠡᠭᠡᠷ ᠵᠢᠯ ᠤᠳ ᠤᠨ ᠯᠤᠲᠤ ᠶᠡᠭᠡ ᠬᠤᠪᠢᠷᠠᠯᠲᠠ ᠳᠤ ᠪᠢᠳᠡ ᠨᠠᠮ ᠳᠠᠭᠠᠨ ᠲᠠᠯᠠᠷᠬᠠᠵᠤ᠂ ᠨᠠᠮ ᠳᠠᠭᠠᠨ ᠲᠠᠯᠠᠷᠬᠠᠬᠤ ᠬᠡᠷᠡᠭᠲᠡᠢ᠃ ᠢᠷᠡᠭᠡᠳᠦᠢ ᠳᠤ᠂ ᠪᠢᠳᠡᠨ ᠤ ᠠᠮᠢᠳᠤᠷᠠᠯ ᠴᠤ ᠤᠯᠠᠮ ᠠᠴᠠ ᠤᠯᠠᠮ ᠥᠭᠡᠳᠡ ᠡᠰᠡᠷᠡᠭ ᠪᠣᠯᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ᠃    ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ᠂ ᠠᠷᠠᠳ ᠤᠯᠠᠨ ᠤ ᠠᠮᠢᠳᠤᠷᠠᠯ ᠢ ᠨᠡᠩ ᠡᠷᠡᠮᠡᠯᠵᠡᠯ ᠲᠠᠢ ᠪᠣᠯᠭᠠᠨ᠎ᠠ᠃ ᠵᠧᠩ ᠭᠦᠸᠧ ᠧ᠂ ᠵᠢᠶᠠ ᠰᠠᠨ ᠬᠧ ᠮᠡᠲᠦ ᠶᠢᠨ ᠦ᠋ ᠹᠦ᠋ ᠪᠠᠭ᠎ᠠ ᠲᠣᠭᠤᠷᠢᠭ ᠤᠨ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠪᠠᠷ ᠨᠡᠭᠦᠯᠭᠡᠭᠰᠡᠨ ᠭᠡᠷ ᠪᠦᠯᠢ 3133 ᠡᠷᠦᠬᠡ 7397 ᠬᠥᠮᠥᠨ ᠪᠤᠢ᠂ ᠳᠡᠳᠡ ᠴᠥᠮ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ ᠲᠡᠳᠬᠦᠬᠦ ᠪᠠᠷ ᠳᠠᠮᠵᠢᠭᠤᠯᠵᠤ᠂ ᠶᠠᠳᠠᠭᠤ ᠠᠴᠠ ᠠᠩᠭᠢᠵᠢᠷᠠᠭᠤᠯᠤᠨ ᠴᠢᠨᠡᠭᠡᠯᠢᠭᠵᠢᠭᠦᠯᠬᠦ ᠠᠯᠬᠤᠴᠠ ᠪᠠᠨ ᠲᠦᠷᠭᠡᠳᠬᠡᠭᠰᠡᠨ ᠠᠮᠢᠳᠤᠯᠢᠭ ᠵᠢᠷᠤᠭᠯᠠᠯ ᠪᠣᠯᠣᠨ᠎ᠠ᠃
   ᠣᠶᠢᠷ᠎ᠠ ᠶᠢᠨ ᠵᠢᠯ ᠠᠴᠠ᠂ ᠵᠦᠸᠧᠽᠢ ᠰᠢᠶᠠᠨ ᠠᠵᠤ ᠦᠢᠯᠡᠰ ᠤᠨ ᠬᠥᠭᠵᠢᠯᠲᠡ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠷ ᠵᠠᠩᠭᠢᠯᠠᠭ᠎ᠠ ᠪᠣᠯᠭᠠᠵᠤ᠂ ᠲᠥᠪᠬᠢᠨᠡᠭᠦᠯᠬᠦ ᠴᠡᠭ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠨᠡᠭᠦᠯᠭᠡᠭᠰᠡᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦ ᠨᠡᠮᠡᠷᠢᠯᠡᠵᠦ᠂ ᠨᠡᠭᠦᠯᠭᠡᠭᠰᠡᠨ ᠤᠯᠠᠨ ᠲᠦᠮᠡᠨ ᠤ ᠵᠢᠯ ᠤᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 2019 ᠣᠨ ᠳᠤ 8887 ᠲᠥᠭᠦᠷᠢᠭ ᠪᠠᠶᠢᠭᠰᠠᠨ ᠠᠴᠠ ᠪᠠᠨ 2023 ᠣᠨ ᠳᠤ 12654 ᠲᠥᠭᠦᠷᠢᠭ ᠪᠣᠯᠣᠨ ᠳᠡᠭᠡᠭᠰᠢᠯᠡᠵᠡᠢ᠃
   ᠰᠢᠪᠠᠷ ᠪᠠᠶᠢᠰᠢᠩ ᠠᠴᠠ ᠠᠰᠠᠷ ᠬᠦᠷᠲᠡᠯ᠎ᠡ᠂ ᠭᠦᠨ ᠠᠭᠤᠯᠠ ᠠᠴᠠ ᠰᠢᠶᠠᠨ ᠤ ᠬᠤᠳᠠ ᠬᠦᠷᠲᠡᠯ᠎ᠡ᠂ ᠲᠠᠷᠢᠶᠠᠨ ᠠᠵᠢᠯ ᠬᠢᠬᠦ ᠠᠴᠠ ᠬᠥᠯᠥᠰᠦᠨ ᠠᠵᠢᠯ ᠬᠢᠬᠦ ᠬᠦᠷᠲᠡᠯ᠎ᠡ᠂ ᠬᠥᠯᠥᠰᠦᠨ ᠠᠵᠢᠯ ᠬᠢᠬᠦ ᠠᠴᠠ ᠦᠢᠯᠡᠰ ᠪᠣᠰᠬᠠᠬᠤ ᠬᠦᠷᠲᠡᠯ᠎ᠡ᠂ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠤ ᠬᠤᠪᠢᠷᠠᠯᠲᠠ ᠨᠢ ᠦᠶ᠎ᠡ ᠶᠢᠨ ᠦᠶ᠎ᠡ ᠳᠡᠭᠡᠨ ᠰᠢᠷᠣᠢ ᠠᠴᠠ ᠢᠳᠡᠰᠢ ᠮᠠᠯᠲᠠᠵᠤ ᠪᠠᠶᠢᠭᠰᠠᠨ ︽ᠬᠠᠭᠤᠴᠢᠨ ᠲᠠᠷᠢᠶᠠᠴᠢᠨ ᠡᠷᠦᠬᠡ︾ ᠋ ᠶᠢ ᠰᠢᠷ᠎ᠠ ᠰᠢᠷᠣᠢ ᠳᠤ ᠬᠠᠨᠳᠤᠵᠤ ᠲᠡᠭᠷᠢ ᠋ ᠶᠢ ᠡᠭᠦᠷᠦᠭᠰᠡᠨ ︽ᠬᠠᠭᠤᠴᠢᠨ ᠦᠵᠡᠮᠵᠢ︾ ᠠᠴᠠ ᠠᠩᠭᠢᠵᠢᠷᠠᠭᠤᠯᠵᠠᠢ᠃ ᠣᠳᠣᠬᠠᠨ ᠳᠤ᠂ ᠵᠦᠸᠧᠽᠢ ᠰᠢᠶᠠᠨ ᠤ ᠣᠨᠳᠣᠣ ᠭᠠᠵᠠᠷ ᠲᠤ ᠨᠡᠭᠦᠯᠭᠡᠭᠰᠡᠨ︽ᠦ᠋ ᠹᠦ᠋︾ᠪᠠᠭ᠎ᠠ ᠲᠣᠭᠤᠷᠢᠭ ᠤᠨ ᠬᠢᠨ ᠣᠨᠳᠣᠣ ᠭᠠᠵᠠᠷ ᠲᠤ ᠨᠡᠭᠦᠯᠭᠡᠭᠰᠡᠨ︽ᠲᠥᠪᠬᠢᠨᠡᠭᠦᠯᠬᠦ︾ᠪᠠ︽ᠰᠠᠨᠠᠭ᠎ᠠ ᠠᠮᠤᠷ ᠪᠠᠶᠢᠬᠤ ᠶᠢ ᠦᠨᠡᠨᠬᠦ ᠪᠡᠶᠡᠯᠡᠭᠦᠯᠵᠦ᠂ ︽ᠠᠮᠤᠭᠤᠯᠠᠩ ᠰᠠᠭᠤᠬᠤ︾ᠪᠠ︽ᠪᠠᠶᠠᠷ ᠬᠦᠷ ᠲᠠᠢ ᠪᠠᠶᠢᠬᠤ︾ ᠶᠢ ᠬᠠᠮᠲᠤᠪᠠᠷ ᠪᠡᠶᠡᠯᠡᠭᠦᠯᠦᠭᠰᠡᠨ ᠪᠠᠶᠢᠨ᠎ᠠ᠃
   ᠵᠦᠸᠧᠽᠢ ᠰᠢᠶᠠᠨ ᠤ ᠣᠨᠳᠣᠣ ᠭᠠᠵᠠᠷ ᠲᠤ ᠨᠡᠭᠦᠯᠭᠡᠬᠦ ᠦᠢᠯᠡᠴᠢᠯᠡᠭᠡᠨ ᠤ ᠲᠥᠪ ᠤᠨ ᠡᠷᠬᠢᠯᠡᠭᠴᠢ ᠦ᠋ ᠢ ᠵᠢᠶᠦ᠋ᠨ   ᠵᠠᠯᠭᠠᠭᠠᠳ᠂ ᠮᠠᠨ ᠤ ᠣᠨᠳᠣᠣ ᠭᠠᠵᠠᠷ ᠲᠤ ᠨᠡᠭᠦᠯᠭᠡᠬᠦ ᠦᠢᠯᠡᠴᠢᠯᠡᠭᠡᠨ ᠤ ᠲᠥᠪ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ᠳᠠᠷᠠᠭᠠᠬᠢ ᠲᠡᠳᠬᠦᠮᠵᠢ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠳᠤ ᠰᠠᠭᠤᠷᠢᠯᠠᠵᠤ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ᠂ ᠪᠣᠯᠪᠠᠰᠤᠷᠠᠯ ᠪᠠ ᠠᠵᠢᠯ ᠣᠯᠭᠤᠯᠲᠠ ᠶᠢᠨ ᠦᠢᠯᠡᠴᠢᠯᠡᠭᠡ᠂ ᠰᠣᠶᠣᠯ ᠤᠨ ᠦᠢᠯᠡᠴᠢᠯᠡᠭᠡ᠂ ᠨᠡᠶᠢᠭᠡᠮ ᠲᠣᠭᠤᠷᠢᠭ ᠤᠨ ᠵᠠᠰᠠᠯᠲᠠ᠂ ᠦᠨᠳᠦᠰᠦᠨ ᠨᠠᠮ ᠤᠨ ᠪᠠᠶᠢᠭᠤᠯᠤᠯᠲᠠ ᠵᠡᠷᠭᠡ ︽ᠲᠠᠪᠤᠨ ᠰᠢᠰᠲ᠋ᠧᠮ︾ ᠢ ᠲᠦᠷᠭᠡᠪᠴᠢᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ︽ᠰᠡᠭᠦᠯᠴᠢ ᠶᠢᠨ ᠬᠠᠭᠠᠰ ᠶᠠᠪᠤᠳᠠᠯ︾ ᠢ ᠴᠢᠷᠮᠠᠶᠢᠨ ᠰᠠᠶᠢᠲᠤᠷ ᠬᠢᠵᠦ᠂ ︽ᠲᠣᠭᠲᠠᠪᠤᠷᠢᠵᠢᠭᠤᠯᠵᠤ ᠳᠡᠶᠢᠯᠬᠦ᠂ ᠠᠵᠢᠯ ᠣᠯᠭᠤᠯᠲᠠ ᠲᠠᠢ᠂ ᠠᠯᠬᠤᠮ ᠠᠯᠬᠤᠮ ᠢᠶᠠᠷ ᠪᠠᠶᠠᠵᠢᠵᠤ ᠳᠡᠶᠢᠯᠬᠦ︾ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃                                           ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2