2024 ᠣᠨ ᠤ ᠬᠠᠩᠰᠢ ᠶᠢᠨ ᠬᠤᠭᠤᠴᠠᠭᠠᠨ ᠳᠠᠬᠢ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠦᠨ᠎ᠡ ᠬᠠᠩᠰᠢ ᠶᠢᠨ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ᠰᠠᠨᠠᠭᠤᠯᠤᠨ ᠰᠡᠷᠡᠮᠵᠢᠯᠡᠭᠦᠯᠬᠦ ᠪᠢᠴᠢᠭ
ᠨᠡᠶᠢᠲᠡᠯᠡᠭᠰᠡᠨ ᠴᠠᠭ᠄
2024/4/2
ᠡᠯ᠎ᠡ ᠡᠵᠡᠩᠨᠡᠭᠴᠢ ᠪᠣᠯᠣᠨ ᠬᠠᠮᠢᠶ᠎ᠠ ᠪᠦᠬᠦᠢ ᠨᠢᠭᠡᠴᠡ ᠳᠤ᠄    2024 ᠣᠨ ᠤ ᠬᠠᠩᠰᠢ ᠶᠢᠨ ᠡᠳᠦᠷ ᠪᠣᠯᠬᠤ ᠭᠡᠵᠦ ᠪᠠᠶᠢᠨ᠎ᠠ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠤᠨ ᠬᠠᠩᠰᠢ ᠶᠢᠨ ᠡᠳᠦᠷ ᠤᠨ ᠲᠠᠬᠢᠯᠭ᠎ᠠ ᠶᠢᠨ ᠠᠵᠢᠯᠯᠠᠭ᠎ᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠥᠷᠭᠡᠨ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠡᠳᠦᠭᠡ ᠪᠥᠬᠦ ᠬᠤᠲᠠ ᠶᠢᠨ ᠣᠷᠣᠰᠢᠭᠤᠯᠭ᠎ᠠ ᠶᠢᠨ ᠦᠢᠯᠡᠴᠢᠯᠡᠭᠡᠨ ᠤ ᠡᠵᠡᠩᠨᠡᠭᠴᠢ ᠪᠠ ᠬᠤᠯᠪᠣᠭᠳᠠᠯ ᠪᠦᠬᠦᠢ ᠨᠢᠭᠡᠴᠡ ᠳᠤ ᠳᠣᠣᠷᠠᠬᠢ ᠮᠡᠲᠦ ᠰᠠᠨᠠᠭᠤᠯᠤᠶ᠎ᠠ᠄ ᠨᠢᠭᠡ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠡᠵᠡᠩᠨᠡᠯᠲᠡ ᠶᠢᠨ ᠡᠯ᠎ᠡ ᠭᠤᠣᠯ ᠴᠣᠭᠴᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ︽ᠦᠨ᠎ᠡ ᠬᠠᠩᠰᠢ ᠶᠢ ᠢᠯᠡ ᠲᠡᠮᠳᠡᠭᠯᠡᠬᠦ ᠪᠠ ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠲᠣᠭᠲᠠᠭᠠᠯ︾ ︽ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠦᠢᠯᠡᠴᠢᠯᠡᠬᠦ ᠪᠠ ᠰᠦᠢᠳᠬᠡᠯ ᠬᠤᠷᠢᠶᠠᠬᠤ ᠦᠶᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠂ ᠦᠨ᠎ᠡ ᠬᠠᠩᠰᠢ ᠶᠢᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠰᠠᠨᠠᠭᠠᠴᠢᠯᠠᠭ᠎ᠠ  ᠠᠴᠠ ᠪᠠᠨ ᠡᠭᠦᠷᠭᠡᠯᠡᠬᠦ ᠬᠡᠷᠡᠭᠲᠡᠢ᠃ ᠬᠤᠶᠠᠷ᠂ ᠦᠨ᠎ᠡ ᠬᠠᠩᠰᠢ ᠶᠢ ᠢᠯᠡ ᠲᠡᠮᠳᠡᠭᠯᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠡᠶᠢᠲᠡ ᠶᠢᠨ ᠪᠤᠩᠬᠤᠨ᠂ ᠣᠷᠣᠰᠢᠭᠤᠯᠭ᠎ᠠ ᠶᠢᠨ ᠬᠡᠷᠡᠭᠰᠡᠯ ᠢ ᠪᠣᠷᠣᠯᠠᠭᠤᠯᠬᠤ ᠳᠠᠭᠠᠨ᠂ ᠡᠵᠡᠩᠨᠡᠯᠲᠡ ᠶᠢᠨ ᠭᠠᠵᠠᠷ ᠲᠠᠯᠠᠪᠤᠷ ᠲᠠᠭᠠᠨ ᠢᠯᠡᠷᠬᠡᠢ ᠠᠷᠭ᠎ᠠ ᠮᠠᠶ᠋ᠢᠭ ᠢᠶᠠᠷ ᠦᠨ᠎ᠡ ᠬᠠᠩᠰᠢ ᠶᠢ ᠢᠯᠡ ᠲᠡᠮᠳᠡᠭᠯᠡᠵᠦ᠂ ᠦᠨ᠎ᠡ ᠬᠠᠩᠰᠢ ᠶᠢᠨ ᠲᠣᠬᠢᠷᠠᠯᠴᠠᠬᠤ ᠲᠠᠸᠠᠷ ᠢ ᠲᠣᠳᠣᠷᠬᠠᠢ ᠢᠯᠡᠳᠬᠡᠬᠦ ᠬᠡᠷᠡᠭᠲᠡᠢ᠃ ᠣᠷᠣᠰᠢᠭᠤᠯᠭ᠎ᠠ ᠶᠢᠨ ᠦᠢᠯᠡᠴᠢᠯᠡᠭᠡ ᠬᠠᠩᠭᠠᠬᠤ ᠳᠠᠭᠠᠨ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ᠂ ᠰᠦᠢᠳᠬᠡᠯ ᠬᠤᠷᠢᠶᠠᠬᠤ ᠬᠡᠪᠴᠢᠶ᠎ᠡ᠂ ᠰᠦᠢᠳᠬᠡᠯ ᠬᠤᠷᠢᠶᠠᠬᠤ ᠪᠠᠷᠢᠮᠵᠢᠶ᠎ᠠ᠂ ᠰᠦᠢᠳᠬᠡᠯ ᠪᠤᠳᠤᠬᠤ ᠨᠢᠭᠡᠴᠡ᠂ ᠰᠦᠢᠳᠬᠡᠯ ᠬᠤᠷᠢᠶᠠᠬᠤ ᠦᠨᠳᠦᠰᠦᠯᠡᠯ᠂ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠪᠠ ᠵᠠᠭᠠᠯᠳᠤᠵᠤ ᠢᠯᠡᠴᠢᠯᠡᠨ ᠮᠡᠳᠡᠭᠦᠯᠬᠦ ᠳ᠋ᠢᠶᠠᠩᠬᠤᠸᠠ ᠵᠡᠷᠭᠡ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢᠨ ᠬᠠᠮᠲᠤ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡ ᠪᠠ ᠤᠷᠲᠤᠳᠬᠠᠭᠰᠠᠨ ᠦᠢᠯᠡᠴᠢᠯᠡᠭᠡᠨ ᠤ ᠠᠭᠤᠯᠭ᠎ᠠ ᠵᠢᠴᠢ ᠰᠦᠢᠳᠬᠡᠯ ᠬᠤᠷᠢᠶᠠᠬᠤ ᠪᠠᠷᠢᠮᠵᠢᠶ᠎ᠠ ᠶᠢ ᠢᠯᠡᠷᠬᠡᠢ ᠢᠯᠭᠠᠬᠤ ᠬᠡᠷᠡᠭᠲᠡᠢ᠃ ᠭᠤᠷᠪᠠ᠂ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠬᠠᠩᠰᠢ ᠪᠠ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠬᠠᠩᠰᠢ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠩᠭᠤᠨ ᠢ ᠪᠣᠷᠣᠯᠠᠭᠤᠯᠬᠤ ᠳᠤ᠂ ᠴᠢᠨᠳᠠᠷ ᠢ ᠲᠤᠰᠴᠤ ᠵᠥᠭᠡᠭᠡᠪᠦᠷᠢᠯᠡᠬᠦ᠂ ᠬᠠᠳᠠᠭᠠᠯᠠᠬᠤ᠂ ᠳᠡᠭᠳᠡᠭᠡᠬᠦ᠂ ᠴᠢᠨᠳᠠᠷ ᠢ ᠬᠠᠳᠠᠭᠠᠯᠠᠬᠤ ᠵᠡᠷᠭᠡ ᠦᠨᠳᠦᠰᠦᠨ ᠦᠢᠯᠡᠴᠢᠯᠡᠭᠡ ᠬᠠᠩᠭᠠᠨ᠎ᠠ᠃ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠵᠦᠢᠯᠡᠰ ᠢ ᠪᠠᠶᠢᠭᠤᠯᠬᠤ᠂ ᠵᠦᠢᠯᠡᠰ ᠢ ᠵᠠᠳᠠᠯᠬᠤ᠂ ᠳᠠᠪᠬᠤᠷᠳᠠᠭᠤᠯᠤᠨ ᠰᠦᠢᠳᠬᠡᠯ ᠬᠤᠷᠢᠶᠠᠬᠤ᠂ ᠬᠡᠪᠴᠢᠶ᠎ᠡ ᠶᠢ ᠨᠢ ᠥᠷᠭᠡᠳᠬᠡᠵᠦ ᠰᠦᠢᠳᠬᠡᠯ ᠬᠤᠷᠢᠶᠠᠬᠤ ᠵᠡᠷᠭᠡ ᠬᠡᠯᠪᠡᠷᠢ ᠪᠠᠷ ᠬᠡᠯᠪᠡᠷᠢ ᠶᠢ  ᠨᠢ ᠥᠭᠡᠷᠡᠲᠦᠭᠦᠯᠦᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ᠂ ᠠᠯᠪᠠᠳᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠠᠯᠪᠠᠳᠠᠨ ᠦᠢᠯᠡᠴᠢᠯᠡᠭᠦᠯᠬᠦ ᠶᠢᠨ ᠬᠠᠮᠲᠤ ᠰᠦᠢᠳᠬᠡᠯ ᠬᠤᠷᠢᠶᠠᠬᠤ᠂ ᠲᠣᠭᠲᠠᠭᠠᠯ ᠶᠣᠰᠣᠭᠠᠷ ᠦᠢᠯᠡᠴᠢᠯᠡᠭᠡ ᠬᠠᠩᠭᠠᠬᠤ ᠦᠭᠡᠢ ᠪᠠᠷ ᠰᠦᠢᠳᠬᠡᠯ ᠬᠤᠷᠢᠶᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃ ᠳᠥᠷᠪᠡ᠂ ᠣᠷᠣᠰᠢᠭᠤᠯᠭ᠎ᠠ ᠶᠢᠨ ᠰᠤᠩᠭᠠᠯᠲᠠ ᠶᠢᠨ ᠦᠢᠯᠡᠴᠢᠯᠡᠭᠡ ᠵᠢᠴᠢ ᠣᠷᠣᠰᠢᠭᠤᠯᠭ᠎ᠠ ᠶᠢᠨ ᠬᠡᠷᠡᠭᠰᠡᠯ ᠤᠨ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠨ᠎ᠠ᠃ ᠲᠥᠪ ᠭᠤᠣᠯᠴᠢ᠂ ᠬᠠᠤᠯᠢ ᠶᠣᠰᠣᠨ ᠤ᠂ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠨ᠂ ᠵᠠᠬ᠎ᠠ ᠳᠡᠯᠭᠡᠭᠦᠷ ᠤᠨ ᠲᠣᠬᠢᠷᠠᠭᠤᠯᠬᠤ ᠦᠨ᠎ᠡ ᠶᠢᠨ ᠬᠡᠪᠴᠢᠶᠡᠨ ᠳᠠᠬᠢ ᠣᠷᠣᠰᠢᠭᠤᠯᠭ᠎ᠠ ᠶᠢᠨ ᠬᠡᠷᠡᠭᠰᠡᠯ ᠪᠠ ᠣᠷᠣᠰᠢᠭᠤᠯᠭ᠎ᠠ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ ᠣᠷᠣᠰᠢᠭᠤᠯᠭ᠎ᠠ ᠶᠢᠨ ᠬᠡᠷᠡᠭᠰᠡᠯ ᠢ ᠪᠣᠷᠣᠯᠠᠭᠤᠯᠬᠤ ᠵᠢᠴᠢ ᠤᠷᠲᠤᠳᠬᠠᠭᠰᠠᠨ ᠦᠢᠯᠡᠴᠢᠯᠡᠭᠡ ᠬᠠᠩᠭᠠᠬᠤ ᠳᠠᠭᠠᠨ ᠦᠨ᠎ᠡ ᠬᠠᠩᠰᠢ ᠶᠢᠨ ᠮᠡᠬᠡᠯᠡᠯ᠂ ᠰᠥᠯᠪᠡᠭᠡᠯᠳᠦᠨ ᠦᠨ᠎ᠡ ᠥᠰᠬᠡᠬᠦ᠂ ᠦᠨ᠎ᠡ ᠬᠠᠩᠰᠢ ᠶᠢ ᠳᠦᠷᠭᠢᠯᠳᠦᠨ ᠥᠰᠬᠡᠬᠦ ᠵᠡᠷᠭᠡ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠢ᠃ ᠶᠠᠮᠠᠷᠪᠠ ᠬᠡᠯᠪᠡᠷᠢ ᠪᠠᠷ ᠲᠠᠸᠠᠷ ᠢ ᠤᠶᠠᠵᠤ᠂ ᠰᠠᠯᠭᠠᠵᠤ᠂ ᠳᠠᠭᠠᠯᠳᠤᠭᠤᠯᠤᠨ ᠬᠤᠳᠠᠯᠳᠤᠵᠤ᠂ ᠠᠯᠪᠠᠳᠠᠯᠭ᠎ᠠ ᠪᠠᠷ ᠪᠣᠷᠣᠯᠠᠭᠤᠯᠬᠤ ᠪᠤᠶᠤ ᠦᠢᠯᠡᠴᠢᠯᠡᠭᠡ ᠬᠠᠩᠭᠠᠵᠤ ᠪᠣᠯᠬᠤ ᠦᠭᠡᠢ᠃    ᠣᠷᠣᠰᠢᠭᠤᠯᠭ᠎ᠠ ᠶᠢᠨ ᠦᠢᠯᠡᠴᠢᠯᠡᠭᠡᠨ ᠤ ᠡᠯ᠎ᠡ ᠠᠵᠢᠯ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠨᠢ ᠳᠣᠲᠣᠭᠠᠳᠤ ᠶᠢᠨ ᠦᠨ᠎ᠡ ᠬᠠᠩᠰᠢ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠲᠣᠰ ᠪᠡᠶ᠎ᠡ ᠶᠢᠨ ᠦᠨ᠎ᠡ ᠬᠠᠩᠰᠢ ᠶᠢᠨ ᠠᠵᠢᠯᠯᠠᠭ᠎ᠠ ᠪᠠᠨ ᠤᠯᠠᠮ ᠨᠢᠭᠡ ᠥᠷᠭᠡᠨ ᠣᠯᠠᠨ ᠰᠠᠭᠤᠭᠠᠯᠢ ᠠᠷᠠᠳ ᠬᠡᠷᠪᠡ ᠣᠷᠣᠰᠢᠭᠤᠯᠭ᠎ᠠ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠷᠡᠭᠦᠯᠪᠡᠯ᠂ 12345᠂ 12315 ᠲᠠᠪᠴᠠᠩ ᠤᠨ ᠬᠠᠯᠠᠭᠤᠨ ᠤᠲᠠᠰᠤ ᠪᠠᠷ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠣᠨ᠎ᠠ᠃ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠷᠣᠰᠢᠭᠤᠯᠭ᠎ᠠ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠠᠵᠢᠯ ᠲᠥᠷᠥᠯ ᠤᠨ ᠰᠦᠢᠳᠬᠡᠯ ᠬᠤᠷᠢᠶᠠᠯᠲᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠠᠩᠬᠠᠷᠴᠤ᠂ ᠦᠨ᠎ᠡ ᠬᠠᠩᠰᠢ ᠶᠢᠨ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠯᠠᠨ ᠲᠦᠮᠡᠨ ᠵᠢᠴᠢ ᠦᠢᠯᠡᠴᠢᠯᠡᠭᠡᠨ ᠤ ᠨᠢᠭᠡᠴᠡ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃      ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ       2024 ᠣᠨ ᠤ 3 ᠰᠠᠷ᠎ᠠ ᠶᠢᠨ 29 
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2