ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ 23 ᠤ ᠦᠳᠡ ᠶᠢᠨ ᠬᠤᠶᠢᠨ᠎ᠠ ᠴᠦᠩᠴᠢᠩ ᠳᠤ ᠰᠢᠨ᠎ᠡ ᠴᠠᠭ ᠦᠶ᠎ᠡ ᠶᠢᠨ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠤᠭᠰᠠᠨ | ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠪᠠᠷᠠᠭᠤᠨ ᠣᠷᠣᠨ ᠨᠢ ᠪᠦᠭᠦ ᠤᠯᠤᠰ ᠤᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠤ ᠶᠡᠭᠡ ᠲᠠᠯ᠎ᠠ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠨᠠᠮ ᠤᠨ ᠲᠥᠪ ᠬᠤᠷᠢᠶ᠎ᠠ ᠶᠢᠨ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠢᠮᠠᠭᠲᠠ ᠬᠤᠪᠢᠷᠠᠰᠢ ᠦᠭᠡᠢ ᠰᠠᠶᠢᠲᠤᠷ ᠠᠳᠬᠤᠵᠤ᠂ ᠶᠡᠭᠡ ᠬᠠᠮᠠᠭᠠᠯᠠᠯᠲᠠ᠂ | ᠶᠡᠭᠡ ᠨᠡᠭᠡᠭᠡᠯᠲᠡ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠢᠨᠠᠭᠰᠢᠳᠠ ᠪᠦᠷᠢᠯᠳᠦᠭᠦᠯᠵᠦ᠂ ᠣᠷᠣᠨ | ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ | ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | | 4 ᠰᠠᠷ᠎ᠠ ᠶᠢᠨ 23 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠦᠩᠴᠢᠩ ᠳᠤ ᠰᠢᠨ᠎ᠡ | ᠴᠠᠭ ᠦᠶ᠎ᠡ ᠶᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ | ᠰᠡᠭᠦᠳᠡᠷᠯᠡᠪᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ | ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ ᠃ | | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ | ᠵᠧᠩ ᠱᠠᠨ ᠵᠢᠶᠧ᠂ ᠴᠦᠩᠴᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠤᠸᠠᠨ ᠵᠢᠶᠠ ᠵᠢᠶᠦ᠋ᠨ ᠂ ᠰᠧᠴᠤᠸᠠᠨ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠬᠤᠢ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ | ᠵᠤᠤ ᠢ ᠳ᠋ᠧ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠮᠠ | ᠰᠢᠩ ᠷᠦᠢ ᠤᠷᠢᠳ ᠬᠤᠵᠢᠳ ᠦᠭᠡ ᠬᠡᠯᠡᠵᠦ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ | ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ ᠶᠠᠷᠢᠯᠴᠠᠬᠤ ᠬᠤᠷᠠᠯ ᠳᠤ | ᠣᠷᠣᠯᠴᠠᠬᠰᠠᠨ ᠪᠤᠰᠤᠳ ᠮᠤᠵᠢ ᠣᠷᠣᠨ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠭᠤᠣᠯ ᠬᠠᠷᠢᠭᠤᠴᠠᠯᠭᠠᠲᠠᠨ ᠨᠥᠬᠦᠳ ᠪᠢᠴᠢᠭ ᠤᠨ ᠭᠡᠯᠪᠡᠷᠢ ᠪᠠᠷ ᠦᠭᠡ ᠬᠡᠯᠡᠪᠡ᠃ ᠤᠯᠠᠨ ᠤ ᠬᠡᠯᠡᠬᠦ ᠶᠢ | ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠰᠢᠨ᠎ᠡ ᠴᠠᠭ | ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ | ᠲᠤᠬᠠᠢ ᠪᠠᠶᠢᠷᠢᠯᠠᠭᠤᠯᠤᠯᠲᠠ ᠬᠢᠭᠰᠡᠨ 5 ᠵᠢᠯ ᠤᠨ ᠲᠤᠷᠰᠢ᠂ ᠪᠠᠷᠠᠭᠤᠨ ᠣᠷᠣᠨ ᠤ ᠠᠮᠢ ᠠᠬᠤᠢ ᠣᠷᠴᠢᠨ ᠲᠣᠭᠤᠷᠢᠨ ᠢ | ᠬᠠᠮᠠᠭᠠᠯᠠᠨ ᠰᠡᠷᠭᠦᠭᠡᠬᠦ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢ | ᠢᠯᠡᠳᠲᠡ ᠳᠡᠭᠡᠭᠰᠢᠯᠡᠵᠦ᠂ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ | ᠰᠠᠭᠤᠷᠢ ᠲᠥᠬᠦᠭᠡᠷᠦᠮᠵᠢ ᠶᠢᠨ ᠨᠥᠬᠦᠴᠡᠯ ᠶᠡᠭᠡ ᠪᠠᠷ ᠰᠠᠶᠢᠵᠢᠷᠠᠵᠤ᠂ ᠠᠷᠠᠳ ᠤᠨ ᠠᠮᠢᠳᠤᠷᠠᠯ ᠤᠨ ᠲᠦᠪᠰᠢᠨ | ᠲᠣᠭᠲᠠᠭᠤᠨ ᠢᠶᠠᠷ ᠳᠡᠭᠡᠭᠰᠢᠯᠡᠵᠦ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠪᠦᠭᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ | ᠲᠠᠯ᠎ᠠ ᠪᠠᠷ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ | ᠰᠢᠨ᠎ᠡ ᠠᠶᠠᠨ ᠳᠤ ᠮᠣᠷᠳᠠᠪᠠ᠃ ᠡᠭᠦᠨ ᠤ ᠬᠠᠮᠲᠤ᠂ ᠪᠠᠷᠠᠭᠤᠨ ᠣᠷᠣᠨ ᠤ ᠬᠥᠭᠵᠢᠯᠲᠡ ᠳᠤ ᠮᠥᠨ ᠬᠦ ᠴᠥᠭᠡᠨ ᠪᠤᠰᠤ | ᠬᠦᠴᠢᠷᠳᠡᠯ ᠪᠠ ᠰᠢᠯᠭᠠᠯᠲᠠ ᠲᠤᠯᠭᠠᠷᠠᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠂ ᠦᠨᠡᠨ ᠬᠦ ᠰᠤᠳᠤᠯᠤᠨ ᠰᠢᠢᠳᠪᠦᠷᠢᠯᠡᠬᠦ | ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠬᠦ ᠪᠠᠷ | ᠭᠤᠣᠯ ᠰᠢᠪᠲᠤᠯᠬᠤ ᠴᠢᠭᠯᠡᠯ ᠪᠤᠯᠭᠠᠬᠤ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠪᠠᠷᠠᠭᠤᠨ ᠣᠷᠣᠨ ᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ | ᠲᠡᠰ ᠳᠡᠪᠰᠢᠭᠦᠯᠬᠦ ᠶᠢ ᠲᠦᠷᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠬᠦ ᠪᠠ | ᠣᠷᠣᠭᠤᠯᠤᠨ ᠠᠪᠴᠢᠷᠠᠵᠤ ᠰᠠᠶᠢᠲᠤᠷ ᠬᠡᠷᠡᠭᠯᠡᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠴᠢᠷᠮᠠᠶᠢᠨ | ᠰᠢᠪᠲᠤᠯᠬᠤ ᠬᠡᠷᠡᠭᠲᠡᠢ᠃ ᠵᠡᠭᠦᠨ ᠳᠤᠮᠳᠠ ᠪᠠᠷᠠᠭᠤᠨ ᠣᠷᠣᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ | ᠦᠵᠡᠭᠦᠯᠭᠦ ᠣᠷᠣᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠨᠳᠣᠣᠰᠢᠭᠤᠯᠬᠤ | ᠵᠢᠱᠢᠶ᠎ᠡ ᠦᠵᠡᠭᠦᠯᠭᠦ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ | ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠲᠡᠰ ᠳᠡᠪᠰᠢᠭᠦᠯᠬᠦ᠂ ᠶᠠᠰᠤ | ᠴᠢᠨᠠᠷ ᠢ ᠳᠡᠭᠡᠭᠰᠢᠯᠡᠭᠦᠯᠭᠦ᠂ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ | ᠦᠷ᠎ᠡ ᠪᠦᠲᠦᠮᠵᠢ ᠪᠠ ᠦᠢᠯᠡᠳᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃ | ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠠᠷᠠᠭᠤᠨ ᠣᠷᠣᠨ ᠯᠤᠭ᠎ᠠ ᠠᠭᠤᠰᠤᠯᠴᠠᠨ ᠬᠥᠭᠵᠢᠬᠦ ᠶᠢ | ᠠᠬᠢᠭᠤᠯᠬᠤ ᠬᠡᠷᠡᠭᠲᠡᠢ᠃ ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠢ ᠣᠷᠣᠨ ᠪᠦᠰᠡ ᠶᠢᠨ ᠲᠤᠯᠭᠠᠭᠤᠷᠢ ᠠᠵᠤ | ᠦᠢᠯᠡᠰ ᠪᠣᠯᠭᠠᠨ ᠪᠠᠶᠢᠭᠤᠯᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠳᠤ ᠦᠶ᠎ᠡ ᠶᠢᠨ ᠦᠢᠯᠡᠳᠬᠦ ᠦᠢᠯᠡᠰ ᠪᠠ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠢᠷᠡᠭᠡᠳᠦᠢ ᠶᠢᠨ ᠠᠵᠤ ᠦᠢᠯᠡᠰ ᠢ | ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠤᠢ | ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ | ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠶᠢ ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ | ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ | ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ | ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃ ᠠᠮᠢ | ᠠᠬᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠨ ᠲᠦᠢᠮᠡᠷ ᠢ ᠤᠨᠲᠠᠷᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠣᠷᠣᠨ | ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ | ᠤᠯᠠᠮᠵᠢᠯᠠᠯᠲᠤ ᠠᠵᠤ ᠦᠢᠯᠡᠰ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ | ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠡᠮᠬᠢ | ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠪᠠ ᠠᠮᠢ | ᠠᠬᠤᠢ ᠶᠢᠨ ᠬᠠᠮᠠᠭᠠᠯᠠᠯᠲᠠ ᠳᠤ ᠨᠥᠬᠦᠪᠦᠷᠢ ᠥᠭᠬᠦ ᠬᠥᠨᠳᠡᠯᠡᠨ ᠴᠢᠭᠯᠡᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠶᠡᠭᠡ ᠨᠡᠭᠡᠭᠡᠯᠲᠡ ᠪᠠᠷ ᠶᠡᠭᠡ ᠨᠡᠭᠡᠭᠡᠨ ᠬᠥᠭᠵᠢᠭᠦᠯᠦᠯᠲᠡ ᠶᠢ | ᠠᠬᠢᠭᠤᠯᠬᠤ ᠶᠢ ᠪᠠᠷᠢᠮᠲᠠᠯᠠᠵᠤ᠂ ᠪᠠᠷᠠᠭᠤᠨ ᠣᠷᠣᠨ ᠤ ᠳᠣᠲᠣᠭᠠᠳᠤ ᠭᠠᠳᠠᠭᠠᠳᠤ ᠨᠡᠭᠡᠭᠡᠯᠲᠡ ᠶᠢᠨ ᠲᠦᠪᠰᠢᠨ ᠢ | ᠳᠡᠭᠡᠭᠰᠢᠯᠡᠭᠦᠯᠭᠦ ᠬᠡᠷᠡᠭᠲᠡᠢ᠃ ᠪᠠᠷᠠᠭᠤᠨ ᠣᠷᠣᠨ ᠤ ᠡᠬᠡ ᠬᠠᠭᠤᠷᠠᠢ ᠪᠠ ᠳᠠᠯᠠᠢ ᠶᠢᠨ ᠰᠢᠨ᠎ᠡ ᠨᠡᠪᠲᠡᠷᠡᠬᠦ ᠵᠠᠮ ᠱᠤᠭᠤᠮ ᠤᠨ | ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠵᠠᠮ ᠳᠠᠭᠠᠤ ᠶᠢᠨ ᠭᠠᠵᠠᠷ ᠣᠷᠣᠨ ᠢ ᠨᠡᠭᠡᠭᠡᠨ ᠬᠥᠭᠵᠢᠭᠦᠯᠵᠦ | ᠨᠡᠭᠡᠭᠡᠯᠲᠡ ᠬᠢᠬᠦ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ | ᠠᠭᠤᠰᠤᠯᠴᠠᠬᠤ ᠬᠡᠷᠡᠭᠲᠡᠢ᠃ ᠬᠢᠯᠢ ᠳᠠᠭᠠᠤ ᠭᠠᠵᠠᠷ ᠣᠷᠣᠨ ᠤ ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ᠂ ᠬᠢᠯᠢ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ | ᠬᠠᠮᠲᠤᠷᠠᠯᠴᠠᠭᠠᠨ ᠤ ᠣᠷᠣᠨ ᠤ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ | ᠯᠠᠪᠳᠠᠭᠤᠨ ᠢᠶᠠᠷ ᠥᠷᠭᠡᠳᠬᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ | ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ᠃ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠨᠡᠩ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠪᠠᠷ ᠠᠭᠤᠰᠤᠯᠴᠠᠵᠤ᠂ ᠵᠡᠭᠦᠨ ᠳᠤᠮᠳᠠ ᠪᠠᠷᠠᠭᠤᠨ ᠣᠷᠣᠨ ᠤ ᠨᠡᠭᠡᠭᠡᠯᠲᠡ ᠶᠢᠨ | ᠲᠠᠪᠴᠠᠩ ᠤᠨ ᠵᠣᠯᠭᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠵᠡᠭᠦᠨ ᠳᠤᠮᠳᠠ ᠬᠡᠰᠡᠭ᠂ ᠵᠡᠭᠦᠨ ᠬᠤᠶᠢᠲᠤ ᠣᠷᠣᠨ | ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ | ᠡᠨᠧᠷᠭᠢ ᠶᠢᠨ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠤᠯᠤᠰ ᠤᠨ ᠨᠢᠭᠡ ᠪᠦᠯᠦᠭ ᠴᠢᠬᠤᠯᠠ ᠡᠨᠧᠷᠭᠢ ᠶᠢᠨ ᠰᠠᠭᠤᠷᠢᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ | ᠬᠤᠭᠤᠯᠠᠢ ᠲᠣᠣᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ︽ᠪᠠᠷᠠᠭᠤᠨᠳᠡᠬᠢ ᠴᠠᠭᠢᠯᠭᠠᠨ ᠢ ᠵᠡᠭᠦᠨᠰᠢ ᠬᠦᠷᠭᠡᠬᠦ︾ | ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠠᠭᠤᠷᠬᠠᠢ ᠶᠢᠨ ᠡᠬᠢ ᠪᠠᠶᠠᠯᠢᠭ ᠢ ᠲᠥᠯᠥᠪᠵᠢᠭᠦᠯᠦᠨ ᠬᠠᠮᠢᠶᠠᠷᠤᠨ ᠡᠵᠡᠮᠳᠡᠬᠦ ᠪᠠ | ᠬᠡᠪᠴᠢᠶᠡᠵᠢᠭᠦᠯᠦᠨ ᠡᠷᠴᠢᠮᠵᠢᠭᠦᠯᠵᠦ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠤᠯᠤᠰ ᠤᠨ ᠲᠡᠰ ᠤᠨ ᠠᠭᠤᠷᠬᠠᠢ ᠶᠢᠨ ᠡᠬᠢ | ᠪᠠᠶᠠᠯᠢᠭ ᠢ ᠨᠡᠭᠡᠭᠡᠨ ᠮᠠᠯᠲᠠᠬᠤ ᠪᠠ ᠪᠤᠯᠪᠠᠰᠤᠷᠠᠭᠤᠯᠬᠤ ᠨᠢᠭᠡ ᠪᠦᠯᠦᠭ ᠰᠠᠭᠤᠷᠢᠨ ᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ | ᠤᠰᠤᠨ ᠤ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠲᠦᠪᠰᠢᠨ ᠢ ᠲᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ | ᠠᠯᠤᠰᠯᠠᠭᠰᠠᠨ ᠠᠵᠤ ᠦᠢᠯᠡᠰ ᠤᠨ ᠬᠠᠮᠵᠢᠯᠴᠠᠭ᠎ᠠ ᠪᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠲᠣᠭᠲᠠᠴᠠ ᠶᠢᠨ | ᠰᠢᠨ᠎ᠡ ᠶᠢ ᠡᠭᠦᠳᠴᠦ᠂ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠡᠮᠬᠢ ᠵᠢᠷᠤᠮ ᠲᠠᠢ ᠪᠠᠷ ᠵᠣᠯᠭᠠᠭᠤᠯᠬᠤ ᠬᠡᠷᠡᠭᠲᠡᠢ᠃ | ᠴᠧᠩᠳᠦ᠋ ᠴᠦᠩᠴᠢᠩ ᠣᠷᠣᠨ ᠤ ᠬᠤᠶᠠᠷ ᠬᠤᠳᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ | ᠶᠡᠭᠡ ᠪᠠᠷ ᠠᠬᠢᠭᠤᠯᠵᠤ᠂ ᠬᠤᠳᠠ ᠶᠢᠨ ᠰᠦᠷᠦᠭᠵᠢᠯ ᠢ ᠢᠳᠡᠪᠬᠢᠲᠡᠢ ᠪᠠᠷ ᠪᠣᠶᠢᠵᠢᠭᠤᠯᠤᠨ᠂ ᠨᠢᠭᠡ ᠪᠦᠯᠦᠭ ᠮᠤᠵᠢ ᠶᠢᠨ | ᠬᠡᠪᠴᠢᠶᠡᠨ ᠤ ᠳᠡᠳ᠋ ᠭᠤᠣᠯ ᠬᠤᠳᠠ ᠶᠢ ᠬᠥᠭᠵᠢᠭᠦᠯᠦᠨ ᠪᠤᠵᠠᠭᠠᠶᠢᠷᠠᠭᠤᠯᠵᠤ᠂ ᠬᠤᠳᠠ ᠶᠢᠨ ᠬᠤᠭᠤᠷᠣᠨᠳᠣᠭᠢ ᠰᠠᠭᠤᠷᠢ | ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦ ᠶᠢ | ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠂ ᠬᠥᠭᠵᠢᠯᠲᠡ ᠶᠢᠨ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠳᠣᠣᠷ᠎ᠠ ᠣᠷᠣᠯᠭ᠎ᠠ ᠲᠠᠢ | ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠢ ᠪᠠᠶᠢᠩᠭᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ | ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ︽ᠮᠢᠩᠭ᠎ᠠ ᠲᠦᠮᠡ ᠶᠢᠨ ᠢᠨᠵᠧᠨᠧᠷᠢᠩ︾ | ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠤ ᠪᠦᠲᠦᠭᠡᠨ | ᠪᠠᠶᠢᠭᠤᠯᠤᠯᠲᠠ ᠶᠢᠨ ᠵᠠᠭᠪᠤᠷ ᠢ ᠪᠤᠢ ᠪᠤᠯᠭᠠᠬᠤ ᠬᠡᠷᠡᠭᠲᠡᠢ᠃ ᠲᠤᠰ ᠲᠤᠰ ᠤᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ | ᠠᠵᠤ ᠠᠬᠤᠢ ᠶᠢ ᠬᠥᠭᠵᠢᠭᠦᠯᠵᠦ᠂ ᠨᠢᠭᠡ ᠪᠦᠯᠦᠭ ᠲᠠᠷᠢᠶᠠᠯᠠᠩ ᠤᠨ ᠬᠦᠴᠦᠷᠬᠡᠭ ᠰᠢᠶᠠᠨ᠂ ᠠᠵᠤ ᠦᠢᠯᠡᠳᠪᠦᠷᠢ ᠶᠢᠨ ᠲᠣᠮᠣ | ᠰᠢᠶᠠᠨ᠂ ᠵᠢᠭᠤᠯᠴᠢᠯᠠᠯ ᠤᠨ ᠨᠡᠷᠡᠳᠤ ᠰᠢᠶᠠᠨ ᠢ ᠪᠣᠶᠢᠵᠢᠭᠤᠯᠵᠤ᠂ ᠲᠠᠷᠢᠶᠠᠴᠢᠨ ᠲᠦᠮᠡᠨ ᠤ ᠣᠶᠢᠷ᠎ᠠ ᠬᠠᠪᠢ ᠳᠠᠭᠠᠨ ᠠᠵᠢᠯ | ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠳᠠ | ᠪᠠᠯᠭᠠᠰᠤᠵᠢᠯᠲᠠ ᠶᠢᠨ ᠠᠬᠢᠴᠠ ᠶᠢ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠤᠨᠠᠯᠲᠠ ᠶᠢ ᠲᠣᠭᠲᠠᠪᠤᠷᠢᠵᠢᠭᠤᠯᠤᠨ | ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠰᠠᠶᠢᠲᠤᠷ ᠡᠭᠦᠷᠭᠡᠯᠡᠵᠦ᠂ ᠤᠯᠤᠰ ᠤᠨ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ᠃ ᠬᠥᠳᠡᠭᠡ ᠲᠣᠰᠬᠤᠨ ᠤ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠬᠢ ᠳᠠᠳᠬᠠᠯ ᠢ ᠲᠡᠪᠴᠢᠵᠦ ᠰᠢᠨ᠎ᠡ ᠬᠡᠪ ᠰᠤᠷᠲᠠᠯ ᠢ | ᠳᠡᠯᠭᠡᠷᠡᠭᠦᠯᠬᠦ ᠶᠢ ᠠᠬᠢᠭᠤᠯᠵᠤ᠂ ᠴᠠᠭ ᠦᠶ᠎ᠡ ᠶᠢᠨ ᠰᠢᠨ᠎ᠡ ᠬᠡᠪ ᠰᠤᠷᠲᠠᠯ ᠰᠢᠨ᠎ᠡ ᠳᠦᠷᠰᠦ ᠪᠠᠶᠢᠳᠠᠯ ᠢ ᠢᠳᠡᠪᠬᠢᠲᠡᠢ ᠪᠤᠢ | ᠪᠤᠯᠭᠠᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠦᠨᠳᠦᠰᠦᠨ ᠱᠠᠲᠤᠨ ᠤ ᠵᠠᠰᠠᠯᠲᠠ ᠶᠢᠨ | ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ | ᠦᠨᠳᠦᠰᠦᠨ ᠱᠠᠲᠤᠨ ᠤ ᠲᠣᠭᠲᠠᠭᠤᠨ᠂ ᠤᠯᠠᠨ ᠲᠦᠮᠡᠨ ᠤ ᠠᠮᠤᠷ ᠠᠮᠤᠭᠤᠯᠠᠩ ᠢ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠪᠣᠯᠣᠨ ᠬᠢᠯᠢ ᠬᠢᠵᠠᠭᠠᠷ ᠤᠨ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ | ᠦᠨᠳᠦᠰᠦᠲᠡᠨ ᠤ ᠭᠠᠵᠠᠷ ᠣᠷᠣᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠬᠥᠭᠵᠢᠯᠲᠡ ᠶᠢᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠠᠷᠠᠳ ᠤᠨ | ᠠᠮᠢᠳᠤᠷᠠᠯ ᠲᠠᠢ ᠨᠢᠭᠲᠠ ᠤᠶᠠᠯᠳᠤᠭᠤᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠵᠤ᠂ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠤᠯᠠᠨ | ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ | ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠵᠤ᠂ ᠬᠠᠷᠢᠯᠴᠠᠨ | ᠠᠭᠤᠰᠤᠯᠴᠠᠭᠰᠠᠨ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ | ᠲᠦᠷᠭᠡᠳᠬᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠤᠨ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ ᠂ | ᠬᠠᠤᠯᠢ ᠪᠤᠰᠤ ᠱᠠᠰᠢᠨ ᠰᠤᠷᠲᠠᠬᠤᠨ ᠤ ᠠᠵᠢᠯᠯᠠᠭ᠎ᠠ ᠶᠢ ᠦᠷᠭᠦᠯᠵᠢᠯᠡᠨ ᠵᠠᠰᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠬᠢᠯᠢ | ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ | ᠣᠷᠣᠨ ᠤ ᠰᠠᠭᠤᠷᠢ ᠲᠥᠬᠦᠭᠡᠷᠦᠮᠵᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠤᠨ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠬᠢᠯᠢ | ᠬᠢᠵᠠᠭᠠᠷ ᠤᠨ ᠠᠷᠠᠳ ᠪᠠᠶᠠᠨ᠂ ᠬᠢᠯᠢ ᠶᠢᠨ ᠪᠣᠭᠤᠮᠲᠠ ᠦᠵᠡᠰᠭᠦᠯᠡᠩ ᠰᠠᠶᠢᠬᠠᠨ᠂ ᠬᠢᠯᠢ ᠬᠢᠵᠠᠭᠠᠷ ᠲᠣᠭᠲᠠᠭᠤᠨ᠂ ᠬᠢᠯᠢ | ᠬᠢᠵᠠᠭᠠᠷ ᠪᠠᠲᠤ ᠪᠠᠬᠢ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ | ᠬᠠᠮᠤᠭ ᠤᠨ ᠡᠴᠦᠰ ᠲᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠲᠥᠪ ᠤᠨ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠨᠳᠤᠯᠭᠠᠲᠤ ᠴᠢᠨᠠᠷᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠬᠤ ᠬᠡᠷᠡᠭᠲᠡᠢ᠃ ᠪᠠᠷᠠᠭᠤᠨ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠡᠭᠦᠨ ᠪᠠᠷᠠᠭᠤᠨ | ᠣᠷᠣᠨ ᠤ ᠬᠠᠮᠵᠢᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯ ᠲᠦᠷᠦᠯ ᠢᠶᠠᠷ ᠢᠶᠠᠨ ᠲᠤᠰᠠᠯᠠᠬᠤ᠂ ᠴᠡᠭ | ᠲᠣᠭᠲᠠᠭᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ | ᠠᠳᠬᠤᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠬᠡᠷᠡᠭᠲᠡᠢ᠃ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ | ᠲᠦᠷᠦ ᠶᠢᠨ ᠪᠣᠳᠣᠯᠭ᠎ᠠ ᠢᠯᠠᠩᠭᠤᠶ᠎ᠠ ᠠᠷᠠᠳ ᠤᠨ ᠠᠮᠢᠳᠤᠷᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢ | ᠨᠡᠶᠢᠲᠡᠯᠡᠬᠦ ᠠᠴᠠ ᠡᠮᠦᠨ᠎ᠡ ᠭᠦᠢᠴᠡᠳ ᠨᠤᠲᠠᠯᠠᠯᠲᠠ ᠬᠢᠬᠦ ᠪᠠ ᠠᠶᠤᠯ ᠲᠦᠭᠰᠢᠭᠦᠷᠢ ᠶᠢᠨ ᠦᠨᠡᠯᠡᠯᠲᠡ ᠬᠢᠵᠦ᠂ ᠬᠡᠷᠡᠭᠵᠢᠭᠦᠯᠬᠦ | ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠵᠤ᠂ ᠡᠷᠡᠰ ᠰᠢᠭᠤᠷᠬᠠᠢ ᠰᠢᠢᠳᠪᠦᠷᠢᠯᠡᠬᠦ ᠬᠡᠷᠡᠭᠲᠡᠢ᠃ | ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ ᠳᠦᠷᠢᠮ ᠢ ᠲᠣᠭᠲᠠᠭᠠᠨ | ᠪᠦᠷᠢᠨᠰᠢᠭᠦᠯᠵᠦ᠂ ᠦᠨᠳᠦᠰᠦᠨ ᠱᠠᠲᠤᠨ ᠤ ᠺᠠᠳ᠋ᠷ ᠢᠯᠠᠩᠭᠤᠶ᠎ᠠ ᠨᠥᠬᠦᠴᠡᠯ ᠬᠠᠲᠠᠭᠤᠵᠢᠯᠲᠠᠢ ᠭᠠᠵᠠᠷ ᠣᠷᠣᠨ ᠤ ᠺᠠᠳ᠋ᠷ ᠢ | ᠬᠠᠯᠠᠮᠵᠢᠯᠠᠨ ᠬᠠᠶᠢᠷᠠᠯᠠᠵᠤ᠂ ᠺᠠᠳ᠋ᠷ ᠤᠨ ᠡᠷᠡᠮᠡᠬᠡᠶᠢᠯᠡᠨ ᠲᠠᠪᠰᠢᠬᠤ᠂ ᠵᠣᠷᠢᠭᠲᠠᠢ ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠯᠢ ᠴᠢᠶᠠᠩ ᠶᠠᠷᠢᠶᠠᠨ ᠳᠠᠭᠠᠨ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ ᠪᠣᠳᠣᠯᠬᠢᠯᠠᠵᠤ᠂ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠲᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠭᠦ ᠲᠠᠯ᠎ᠠ ᠳᠤ ᠲᠠᠯᠪᠢᠵᠤ ᠪᠠᠶᠢᠷᠢ ᠲᠣᠭᠲᠠᠭᠠᠨ ᠪᠣᠳᠣᠯᠬᠢᠯᠠᠵᠤ᠂ | ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ; ᠨᠠᠷᠢᠯᠢᠭ ᠵᠦᠢᠯᠡᠰ ᠠᠴᠠ ᠭᠠᠷᠳᠠᠵᠤ᠂ ᠡᠯ᠎ᠡ ᠭᠠᠵᠠᠷ ᠤᠨ | ᠤᠤᠯ ᠠᠴᠠ ᠪᠠᠨ ᠪᠠᠶᠢᠬᠤ ᠳᠠᠪᠠᠭᠤᠯᠢᠭ ᠨᠥᠬᠦᠴᠡᠯ᠂ ᠬᠥᠭᠵᠢᠯᠲᠡ ᠶᠢᠨ ᠳᠠᠯᠳᠠ ᠬᠦᠴᠦᠨ ᠵᠡᠷᠭᠡ ᠵᠥᠷᠢᠶ᠎ᠡ ᠶᠢ ᠦᠨᠳᠦᠰᠦᠯᠡᠨ᠂ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ | ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠣᠷᠣᠨ ᠪᠦᠰᠡ ᠶᠢᠨ ᠬᠥᠭᠵᠢᠯᠲᠡ ᠶᠢ ᠳᠠᠶᠢᠴᠢᠯᠠᠬᠤ ᠨᠡᠩ ᠤᠯᠠᠨ | ᠨᠡᠮᠡᠭᠳᠡᠯ ᠤᠨ ᠲᠤᠶᠢᠯ ᠨᠡᠮᠡᠭᠳᠡᠯ ᠤᠨ ᠪᠦᠰᠡ ᠶᠢ ᠪᠣᠶᠢᠵᠢᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠵᠤ᠂ ᠣᠨᠴᠠᠭᠠᠢ ᠲᠦᠷᠦᠯ ᠭᠡᠯᠪᠡᠷᠢ ᠶᠢᠨ ᠭᠠᠵᠠᠷ ᠣᠷᠣᠨ ᠤ ᠬᠥᠭᠵᠢᠯᠲᠡ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ ᠲᠣᠭᠲᠠᠭᠤᠨ ᠢᠶᠠᠷ | ᠬᠥᠭᠵᠢᠭᠦᠯᠬᠦ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ ᠨᠡᠭᠡᠭᠡᠯᠲᠡ ᠶᠢ | ᠥᠷᠭᠡᠳᠬᠡᠵᠦ᠂ ᠤᠯᠤᠰ ᠤᠨ ᠳᠣᠲᠣᠭᠠᠳᠤ ᠶᠢᠨ ᠪᠤᠰᠤᠳ ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠯᠠᠨ ᠤᠯᠤᠰ ᠤᠨ ᠣᠷᠴᠢᠯ ᠳᠤ ᠢᠳᠡᠪᠬᠢᠲᠡᠢ ᠠᠭᠤᠰᠤᠯᠴᠠᠵᠤ᠂ ᠪᠠᠷᠠᠭᠤᠨ | ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ ᠭᠡᠵᠦ | ᠢᠯᠡᠷᠬᠡᠶᠢᠯᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠲᠦᠪᠰᠢᠨ ᠪᠦᠬᠦᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠢ᠃ ᠤᠯᠤᠰ ᠤᠨ | ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠶᠢ ᠰᠠᠶᠢᠲᠤᠷ ᠡᠭᠦᠷᠭᠡᠯᠡᠵᠦ᠂ ᠠᠮᠢ ᠠᠬᠤᠢ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠰᠢᠰᠲ᠋ᠧᠮ ᠤᠨ ᠤᠯᠠᠨ ᠶᠠᠩᠵᠤᠲᠤ ᠴᠢᠨᠠᠷ᠂ | ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠣᠨᠣᠴᠠᠲᠠᠢ᠂ ᠰᠢᠨᠵᠢᠯᠡᠬᠦ ᠤᠬᠠᠭᠠᠨᠴᠢ᠂ ᠬᠠᠤᠯᠢ | ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ | ᠦᠭᠡᠢ ᠰᠠᠶᠢᠵᠢᠷᠠᠭᠤᠯᠬᠤ ᠬᠡᠷᠡᠭᠲᠡᠢ᠃ ᠬᠥᠭᠵᠢᠯᠲᠡ ᠶᠢᠨ ᠭᠡᠯᠪᠡᠷᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ | ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠢᠯᠡᠷᠬᠡᠶᠢᠯᠡᠪᠡ᠃ ᠯᠢ ᠭᠠᠨ ᠵᠢᠶᠧ᠂ ᠾᠧ ᠯᠢ ᠹᠧᠩ᠂ ᠦ᠋ ᠵᠧᠩ | ᠯᠦᠩ᠂ ᠮᠦ ᠬᠤᠩ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠪᠠ ᠲᠥᠷᠥ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ |