ᠯᠢᠦ ᠪᠦᠦ ᠴᠧᠩ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/4/9
    4 ᠰᠠᠷ᠎ᠠ ᠶᠢᠨ 2 ᠤᠨ ᠡᠳᠦᠷ᠂ ᠵᠦᠸᠧᠽᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠯᠢᠦ ᠪᠦᠦ ᠴᠧᠩ ᠪᠥᠬᠦ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠢᠪᠠᠳᠠᠨ ᠵᠢᠯᠤᠭᠤᠳᠴᠤ ᠪᠠᠶᠢᠴᠠᠭᠠᠪᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠢᠦᠢ ᠯᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠨ ᠴᠦᠨ᠂ ᠫᠠᠨ ᠯᠦᠩ ᠶᠠ ᠵᠢᠴᠢ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠬᠠᠷᠢᠭᠤᠴᠠᠯᠭᠠᠲᠠᠨ ᠪᠠᠶᠢᠴᠠᠭᠠᠯᠲᠠ ᠳᠤ ᠣᠷᠣᠯᠴᠠᠪᠠ᠃    ᠯᠢᠦ ᠪᠦᠦ ᠴᠧᠩ ᠨᠠᠷ ᠤᠷᠢᠳ ᠬᠤᠵᠢᠳ ᠯᠢ ᠬᠤᠸᠠ ᠪᠠᠯᠭᠠᠰᠤ᠂ ᠴᠢ ᠰᠢᠶᠠ ᠶᠢᠩ ᠪᠠᠯᠭᠠᠰᠤ᠂ ᠹᠦ᠋ ᠰᠢᠩ ᠰᠢᠶᠠᠩ᠂ ᠬᠤᠩ ᠵᠤᠤ ᠰᠢᠶᠠᠩ ᠵᠡᠷᠭᠡ ᠡᠯ᠎ᠡ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠪᠣᠯᠣᠨ ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠱᠠᠩ ᠭᠤᠤ ᠲᠠᠢ ᠤᠢ ᠰᠢᠭᠤᠢ ᠶᠢᠨ ᠲᠠᠯᠠᠪᠠᠢ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠬᠦᠷᠴᠦ᠂ ᠤᠢ ᠰᠢᠭᠤᠢ ᠶᠢᠨ ᠭᠠᠯ ᠰᠡᠷᠭᠡᠶᠢᠯᠡᠬᠦ ᠵᠢᠵᠢᠭᠦᠷᠯᠡᠨ ᠰᠠᠬᠢᠬᠤ᠂ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠶᠢᠨ ᠬᠥᠮᠥᠰ ᠢ ᠲᠣᠬᠢᠷᠠᠭᠤᠯᠬᠤ᠂ ᠬᠡᠭᠡᠷ᠎ᠡ ᠶᠢᠨ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃
ᠯᠢᠦ ᠪᠦᠦ ᠴᠧᠩ ᠵᠢᠭᠠᠵᠤ ᠭᠠᠷᠭᠠᠪᠠ    ᠣᠳᠣᠬᠠᠨ ᠳᠤ ᠠᠭᠠᠷ ᠤᠨ ᠳᠤᠯᠠᠭᠠᠨ ᠨᠡᠯᠢᠶᠡᠳ ᠲᠦᠷᠭᠡᠨ ᠳᠡᠭᠡᠭᠰᠢᠯᠡᠵᠦ᠂ ᠣᠯᠠᠨ ᠲᠦᠮᠡᠨ ᠤ ᠭᠠᠳᠠᠭᠰᠢ ᠭᠠᠷᠬᠤ ᠠᠵᠢᠯᠯᠠᠭ᠎ᠠ ᠣᠯᠠᠰᠢᠷᠠᠵᠤ ᠪᠠᠶᠢᠨ᠎ᠠ᠂ ᠢᠯᠠᠩᠭᠤᠶ᠎ᠠ ᠬᠠᠩᠰᠢ  ᠶᠢᠨ ᠬᠤᠭᠤᠴᠠᠭᠠᠨ ᠳᠤ ᠣᠩᠭᠤᠨ ᠱᠦᠭᠦᠷᠳᠡᠬᠦ᠂ ᠳᠠᠬᠢᠯᠭ᠎ᠠ ᠬᠢᠬᠦ ᠵᠡᠷᠭᠡ ᠠᠵᠢᠯᠯᠠᠭ᠎ᠠ ᠲᠦᠷᠭᠡᠨ  ᠢᠶᠠᠷ ᠨᠡᠮᠡᠭᠳᠡᠵᠦ᠂ ᠭᠠᠯ ᠤᠨ ᠠᠶᠤᠯ ᠤᠨ ᠵᠡᠷᠭᠡ ᠳᠡᠰ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠪᠣᠯᠣᠨ ᠲᠦᠷᠭᠡᠨ ᠳᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠪᠣᠯᠣᠨ ᠲᠥᠬᠦᠭᠡᠷᠦᠮᠵᠢ ᠶᠢ ᠭᠦᠢᠴᠡᠳ ᠲᠣᠬᠢᠷᠠᠭᠤᠯᠤᠨ ᠴᠢᠩᠭ᠎ᠠ ᠲᠣᠬᠢᠷᠠᠭᠤᠯᠵᠤ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ ᠪᠠ ᠵᠢᠵᠢᠭᠦᠷᠯᠡᠨ ᠰᠠᠬᠢᠬᠤ ᠶᠢ ᠴᠢᠩᠭᠠᠳᠬᠠᠵᠤ ᠂ ᠰᠢᠭᠤᠶᠢᠲᠤ ᠣᠷᠣᠨ ᠤ ᠭᠤᠣᠯᠳᠠᠯᠭ᠎ᠠ ᠲᠠᠢ ᠬᠡᠰᠡᠭ ᠪᠣᠯᠣᠨ ᠠᠭᠤᠯᠠᠨ ᠳᠤ ᠣᠷᠣᠬᠤ ᠵᠠᠮ ᠤᠨ ᠠᠭᠤᠯᠵᠠᠷ ᠢ ᠴᠢᠩᠭ᠎ᠠ ᠰᠡᠷᠭᠡᠶᠢᠯᠡᠨ ᠰᠠᠬᠢᠬᠤ ᠶᠢ ᠴᠢᠩᠭᠠᠳᠬᠠᠵᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠰᠡᠷᠭᠡᠶᠢᠯᠡᠵᠦ᠂ ᠭᠠᠯ ᠤᠨ ᠲᠥᠷᠥᠯ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ ᠴᠠᠭᠠᠵᠠᠯᠠᠨ᠎ᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠳᠠᠬᠢᠯᠭ᠎ᠠ ᠶᠢᠨ ᠠᠷᠭ᠎ᠠ ᠬᠡᠯᠪᠡᠷᠢ ᠶᠢ ᠶᠡᠬᠡᠪᠡᠷ ᠳᠡᠯᠭᠡᠷᠡᠭᠦᠯᠵᠦ᠂ ᠪᠣᠯᠪᠠᠰᠤᠨ ᠳᠠᠬᠢᠯᠭ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠪᠣᠯᠪᠠᠰᠤᠨ ᠳᠠᠬᠢᠯᠭ᠎ᠠ ᠶᠢᠨ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃
ᠯᠢᠦ ᠪᠦᠦ ᠴᠧᠩ ᠴᠢᠬᠤᠯᠠᠴᠢᠯᠠᠭᠰᠠᠨ ᠨᠢ    ᠡᠯ᠎ᠡ ᠰᠢᠶᠠᠩ ᠪᠠᠯᠭᠠᠰᠤ᠂ ᠡᠯ᠎ᠡ ᠨᠢᠭᠡᠴᠡ ᠨᠦᠭᠦᠳ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠮᠢᠨᠴᠦᠭᠦᠷᠡᠨ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠤᠢ ᠰᠢᠭᠤᠢ ᠶᠢᠨ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠤᠬᠠᠮᠰᠠᠷ ᠵᠢᠴᠢ ᠬᠠᠷᠢᠭᠤᠴᠠᠯᠭᠠᠲᠤ ᠰᠡᠳᠬᠢᠯᠭᠡ ᠪᠠᠨ ᠪᠠᠲᠤᠳᠬᠠᠵᠤ᠂ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠨᠢᠭᠡᠪᠦᠷᠢ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠶᠢ ᠠᠩᠬᠠᠷᠴᠤ᠂ ᠨᠠᠷᠢᠨ ᠵᠦᠢᠯᠡᠰ ᠢ ᠠᠳᠬᠤᠵᠤ᠂ ᠭᠡᠮ ᠰᠣᠭᠤᠭ ᠢ ᠠᠷᠢᠯᠭᠠᠵᠤ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠬᠢᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃    ᠪᠠᠶᠢᠴᠠᠭᠠᠯᠲᠠ ᠶᠢᠨ ᠬᠤᠭᠤᠴᠠᠭᠠᠨ ᠳᠤ᠂ ᠯᠢᠦ ᠪᠦᠦ ᠴᠧᠩ ᠪᠠᠰᠠ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥᠯ ᠵᠦᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠣᠶᠢᠷ᠎ᠠ ᠶᠢᠨ ᠬᠤᠶᠠᠷ ᠵᠢᠯ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠪᠠᠶᠢᠳᠠᠯ ᠵᠢᠴᠢ ᠬᠥᠳᠡᠭᠡ ᠲᠣᠰᠬᠤᠨ ᠤ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠤᠰᠤᠨ ᠠᠰᠢᠭᠯᠠᠯᠲᠠ ᠶᠢᠨ ᠢᠨᠵᠧᠨᠧᠷᠢᠩ ᠪᠣᠯ ᠤᠯᠤᠰ ᠲᠤ ᠠᠰᠢᠭᠲᠠᠢ ᠠᠷᠠᠳ ᠲᠤ ᠠᠰᠢᠭᠲᠠᠢ ᠶᠡᠭᠡ ᠶᠠᠪᠤᠳᠠᠯ ᠮᠥᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠤᠰᠤ ᠬᠡᠷᠡᠭᠯᠡᠬᠦ ᠦᠨᠡᠨ ᠬᠦ ᠪᠦᠲᠦᠮᠵᠢᠲᠡᠶ ᠲᠥᠰᠥᠯ ᠲᠣᠭᠲᠠᠭᠠᠬᠤ ᠶᠢ ᠬᠦᠰᠡᠵᠦ ᠪᠠᠶᠢᠨ᠎ᠠ ᠭᠡᠵᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠷᠠᠭᠤᠯᠵᠤ᠂ ᠲᠥᠯᠥᠪᠦᠷᠢ ᠲᠠᠢ ᠪᠠᠷ ᠤᠰᠤ ᠬᠡᠷᠡᠭᠯᠡᠬᠦ᠂ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ᠂ ᠤᠰᠤ ᠶᠢ ᠠᠷᠪᠢᠯᠠᠵᠤ ᠬᠡᠷᠡᠭᠯᠡᠬᠦ ᠲᠤᠬᠠᠢ ᠲᠠᠷᠢᠶᠠᠴᠢᠨ ᠡᠷᠦᠭᠡ ᠶᠢᠨ ᠲᠠᠨᠢᠯᠲᠠ ᠶᠢ ᠭᠦᠨᠵᠡᠭᠡᠶᠢᠷᠡᠭᠦᠯᠦᠨ᠎ᠡ᠃ ᠡᠵᠡᠩᠨᠡᠯᠲᠡ ᠬᠠᠮᠠᠭᠠᠯᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃                                        ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2