ᠡᠨᠡ ᠵᠢᠯ ᠪᠣᠯ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠵᠢᠷᠭᠤᠭᠠᠨ ᠳᠠᠬᠢᠨ ᠢᠶᠠᠷ ᠨᠡᠮᠡᠭᠳᠡᠭᠦᠯᠬᠦ | ᠲᠥᠯᠥᠪᠯᠡᠭᠡ ᠶᠢ ᠬᠡᠷᠡᠭᠵᠢᠭᠦᠯᠦᠭᠰᠡᠨ ᠬᠤᠶᠠᠳᠤᠭᠠᠷ ᠵᠢᠯ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠰᠢᠯᠢᠳᠡᠭᠵᠢᠭᠦᠯᠬᠦ᠂ ᠦᠢᠯᠡᠳᠪᠦᠷᠢᠯᠡᠯ | ᠪᠣᠷᠤᠯᠠᠭᠤᠯᠭ᠎ᠠ ᠶᠢ ᠵᠣᠯᠭᠠᠭᠤᠯᠬᠤ ᠠᠷᠭ᠎ᠠ ᠵᠠᠮ ᠢ ᠥᠷᠭᠡᠳᠬᠡᠬᠦ ᠵᠡᠷᠭᠡ ᠲᠠᠯ᠎ᠠ ᠪᠠᠷ᠂ ᠪᠡᠭᠡᠵᠢᠩ ᠥᠪᠥᠷ ᠮᠣᠩᠭᠤᠯ ᠤᠨ | ᠬᠡᠷᠡᠭᠯᠡᠭᠡ ᠶᠢ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠮᠠᠯᠴᠢᠨ ᠲᠠᠷᠢᠶᠠᠴᠢᠨ ᠤ | ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠪᠠ᠃ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠬᠠᠢ ᠭᠤᠸ | ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠣᠲᠣ ᠦᠶ᠎ᠡ ᠶᠢᠨ ᠮᠠᠯᠵᠢᠯ ᠤᠨ ᠲᠠᠯᠠᠪᠠᠶ ᠳᠤ᠂ ᠰᠢᠷ᠎ᠠ | ᠴᠠᠭᠠᠨ ᠥᠩᠭᠡ ᠲᠠᠢ ᠹᠧᠩ ᠦᠬᠡᠷ ᠦᠬᠡᠷ ᠤᠨ ᠬᠠᠰᠢᠶᠠᠨ ᠳᠤ ᠰᠤᠯᠠ ᠰᠡᠯᠡᠭᠦᠦ ᠰᠠᠭᠤᠵᠤ ᠪᠠᠶᠢᠯ᠎ᠠ᠃ ᠲᠥᠷᠥᠯ | ᠵᠦᠢᠯ ᠤᠨ ᠶᠡᠷᠦᠩᠬᠡᠢ ᠪᠡᠯᠡ ᠣᠷᠣᠭᠤᠯᠤᠯᠲᠠ 1.68 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠳᠤ | ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ 3767 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ | ᠦᠬᠡᠷ ᠤᠨ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠃ ᠣᠳᠣᠬᠠᠨ ᠳᠤ ᠨᠢᠭᠡᠨᠲᠡ ᠶᠢᠰᠦᠨ ᠰᠠᠭᠤᠷᠢ | ᠲᠣᠮᠣ ᠬᠡᠯᠪᠡᠷᠢ ᠶᠢᠨ ᠦᠬᠡᠷ ᠤᠨ ᠬᠠᠰᠢᠶ᠎ᠠ ᠶᠢ ᠪᠠᠶᠢᠭᠤᠯᠵᠤ᠂ ᠹᠧᠩ ᠦᠬᠡᠷ ᠤᠨ ᠲᠤᠭ᠎ᠠ 3200 ᠬᠦᠷᠴᠦ ᠪᠣᠶ᠃ | ᠪᠢᠳᠡ ᠵᠦᠸᠧᠽᠢ ᠰᠢᠶᠠᠨ ᠤ ᠵᠠᠰᠠᠭ ᠤᠨ ᠣᠷᠳᠣᠨ ᠲᠠᠢ ᠦᠬᠡᠷ ᠲᠡᠵᠢᠭᠡᠬᠦ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠠᠰᠢᠭ ᠣᠯᠵᠠᠪᠤᠷᠢ᠂ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ᠂ ᠵᠠᠬᠢᠶᠠᠯᠠᠭ᠎ᠠ ᠶᠢᠨ | ᠲᠠᠷᠢᠮᠠᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠮᠡᠭᠳᠡᠭᠦᠯᠬᠦ 5 ᠵᠦᠢᠯ ᠤᠨ ᠬᠠᠮᠲᠤᠷᠠᠯᠴᠠᠭᠠᠨ ᠤ | ᠵᠠᠭᠪᠤᠷ ᠢ ᠪᠠᠶᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠡᠯᠡ ᠮᠥᠩᠭᠦ ᠶᠢᠨ 5% ᠶᠢᠨ ᠠᠰᠢᠭ | ᠣᠷᠣᠯᠭ᠎ᠠ ᠶᠢᠨ ᠨᠣᠷᠮ᠎ᠠ ᠪᠠᠷ ᠲᠦᠷᠢᠶᠡᠰᠦᠨ ᠮᠥᠩᠭᠦ ᠭᠠᠷᠭᠠᠨ ᠲᠤᠬᠠᠢ ᠶᠢᠨ ᠭᠠᠵᠠᠷ ᠤᠨ ᠬᠠᠮᠲᠤ ᠶᠢᠨ ᠠᠵᠤ | ᠠᠬᠤᠶᠢᠯᠠᠯ ᠳᠤ ᠦᠭᠭᠦᠨ᠎ᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |