5 ᠡᠳᠦᠷ ᠤᠨ ︽5 · 1︾ ᠤ ᠠᠮᠠᠷᠠᠯᠲᠠ ᠵᠢᠩᠬᠢᠨᠢ ᠳᠠᠭᠤᠰᠭᠠᠪᠠ᠃ ᠠᠮᠠᠷᠠᠯᠲᠠ ᠶᠢᠨ ᠬᠤᠭᠤᠴᠠᠭᠠᠨ ᠳᠤ᠂ | ᠵᠦᠸᠧᠽᠢ ᠰᠢᠶᠠᠨ ᠤ ᠡᠯ᠎ᠡ ᠦᠵᠡᠮᠵᠢ ᠶᠢᠨ ᠣᠷᠣᠨ ᠠᠶᠠᠨᠴᠢᠳ ᠤᠨ ᠤᠷᠤᠰᠬᠠᠯ ᠤᠨ ᠤᠷᠬᠢᠯ ᠢ ᠤᠭᠲᠤᠨ ᠠᠪᠴᠢᠷᠠᠵᠤ᠂ | ᠵᠤᠭᠠᠴᠠᠯ ᠤᠨ ᠵᠠᠬ᠎ᠠ ᠳᠡᠯᠭᠡᠭᠦᠷ ᠬᠦᠷ ᠬᠥᠭᠵᠢᠶᠡᠨ ᠲᠠᠢ ᠪᠠᠶᠢᠳᠠᠯ ᠢᠯᠡᠷᠡᠵᠡᠢ᠃ | ᠠᠮᠠᠷᠠᠯᠲᠠ ᠶᠢᠨ 5 ᠡᠳᠦᠷ ᠲᠤ᠂ ᠯᠢᠨ ᠬᠤᠤ ᠡᠷᠲᠡᠨ ᠤ ᠴᠠᠶᠢᠵᠠ ᠦᠵᠡᠮᠵᠢ ᠶᠢᠨ ᠣᠷᠣᠨ ᠤ ᠵᠤᠭᠠᠴᠠᠭᠰᠠᠳ ᠶᠡᠭᠡ ᠪᠠᠷ | ᠨᠡᠮᠡᠭᠳᠡᠵᠦ᠂ ᠬᠥᠮᠦᠰ ᠠᠮᠠᠷᠠᠯᠲᠠ ᠶᠢᠨ ᠬᠤᠭᠤᠴᠠᠭᠠᠨ ᠳᠤ ᠪᠠᠨ ᠭᠡᠷ ᠠᠴᠠ ᠪᠠᠨ ᠭᠠᠷᠴᠤ᠂ ᠪᠦᠬᠦ ᠲᠠᠯ᠎ᠠ ᠪᠠᠷ ᠠᠮᠠᠷᠠᠯᠲᠠ ᠶᠢᠨ | ᠡᠳᠦᠷ ᠤᠨ ᠰᠠᠶᠢᠨ ᠰᠠᠶᠢᠬᠠᠨ ᠴᠠᠭ ᠮᠥᠴᠡ ᠶᠢ ᠡᠳ᠋ᠯᠡᠪᠡ᠃ | | ᠦᠵᠡᠮᠵᠢ ᠶᠢᠨ ᠣᠷᠣᠨ ᠤ ᠳᠣᠲᠣᠷᠠᠬᠢ ᠡᠯ᠎ᠡ ᠵᠦᠢᠯ ᠤᠨ ᠵᠤᠭ᠎ᠠ ᠴᠡᠩᠭᠡᠯ ᠤᠨ ᠪᠡᠯᠡᠳᠬᠡᠮᠵᠢ᠂ ᠲᠣᠭᠤᠷᠢᠨ ᠦᠵᠡᠬᠦ | ᠦᠵᠡᠮᠵᠢ ᠶᠢᠨ ᠴᠢᠭ ᠨᠢ ᠪᠦᠷ ᠵᠤᠭᠠᠴᠠᠭᠰᠠᠳ ᠢᠶᠠᠷ ᠳᠦᠭᠦᠷᠴᠦ᠂ ᠬᠥᠷ ᠬᠥᠭᠵᠢᠶᠡᠨ ᠢᠶᠠᠷ ᠪᠢᠯᠬᠠᠵᠤ ᠪᠠᠶᠢᠪᠠ᠃ ᠬᠡᠰᠡᠭ | ᠬᠠᠯᠠᠭᠤᠷ ᠠᠯ ᠤᠨ ᠲᠥᠰᠦᠯ ᠨᠢ ᠨᠡᠩ ᠴᠤ᠋ ᠬᠥᠮᠦᠨ ᠤ ᠳᠠᠯᠠᠢ ᠪᠠᠢᠵᠤ ᠤᠷᠲᠤ ᠮᠥᠷᠯᠡᠵᠦ ᠡᠬᠢᠯᠡᠯ᠎ᠡ᠃ ︽ᠲᠠᠪᠤᠨ ᠰᠠᠷ᠎ᠠ ᠶᠢᠨ | ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠯᠢᠨ ᠬᠤ ᠭᠦ ᠰᠠᠢ ᠦᠵᠡᠮᠵᠢ ᠶᠢᠨ ᠣᠷᠣᠨ ᠳᠤ ᠠᠩᠬᠠᠳᠤᠭᠠᠷ | ᠬᠤᠭᠤᠴᠠᠭᠠᠨ ᠤ ᠲᠣᠭᠤᠷ ᠤᠨ ᠴᠡᠴᠡᠭ ᠤᠨ ᠨᠠᠢᠷ ᠡᠷᠬᠢᠯᠡᠵᠦ᠂ ᠵᠦᠭᠡᠯᠡᠯ ᠡᠭᠰᠡᠨ ᠲᠣᠭᠤᠷ ᠤᠨ ᠴᠡᠴᠡᠭ ᠨᠠᠮᠠᠭ᠎ᠠ ᠳᠦᠭᠦᠷᠡᠩ | ᠴᠢᠮᠡᠭ ᠯᠡᠵᠦ᠂ ᠠᠭᠤᠯᠠᠨ ᠬᠥᠲᠥᠯ ᠢᠶᠠᠨ ᠳᠦᠭᠦᠷᠭᠡᠨ᠂ ᠵᠢᠭᠤᠯᠴᠢᠳ ᠲᠣᠭᠤᠷ ᠤᠨ ᠣᠢ ᠳᠤ ᠰᠦᠯᠵᠢᠯ ᠳᠦᠵᠦ᠂ ᠠᠳᠡ | ᠲᠡᠨᠳᠡ ᠪᠢᠴᠢᠨ ᠳᠤᠷᠠᠰᠭᠠᠯ ᠦᠯᠡᠳᠡᠪᠡ᠃ ᠴᠤᠤ ᠱᠠᠨ ᠠᠴᠠ ᠢᠷᠡᠭᠰᠡᠨ ᠶᠢᠩ ᠳᠠᠭᠤᠤ ᠪᠥᠵᠢᠭ ᠤᠨ ᠪᠦᠯᠬᠦᠮ᠂ ᠸᠠᠩ | ᠬᠤᠩ ᠳᠠ ᠬᠥᠮᠦᠨ ᠤ ︽ᠱᠢᠩᠭᠡᠨ ᠪᠤᠳᠠᠭ᠎ᠠ ᠪᠣᠣᠪᠤ︾ ︽ᠸᠠᠩ ᠡᠵᠢ ᠶᠢᠨ ᠬᠡᠯᠡᠬᠦ ᠪᠠᠷ ᠵᠠᠭᠤᠴᠢ︾ ᠨᠢ ᠦᠵᠡᠮᠵᠢ ᠶᠢᠨ | ᠣᠷᠣᠨ ᠳᠤ ᠴᠤᠭᠯᠠᠷᠠᠵᠤ᠂ ᠮᠠᠱᠢ ᠣᠯᠠᠨ ᠵᠤᠭᠠᠴᠠᠭᠰᠠᠳ ᠤᠨ ᠭᠡᠷ ᠤᠨ ᠬᠥᠮᠦᠰ ᠨᠠᠢᠵᠠ ᠨᠠᠷ ᠢᠶᠠᠨ ᠳᠠᠭᠠᠭᠤᠯᠤᠨ ᠨᠠᠭᠠᠳᠴᠤ | ᠲᠣᠭᠯᠠᠬᠤ ᠺᠠᠷᠲ ᠴᠣᠬᠢᠵᠤ᠂ ᠠᠷᠠᠳ ᠤᠨ ᠵᠠᠩ ᠦᠢᠯᠡ ᠶᠢ ᠪᠠᠶᠠᠯᠢᠭᠵᠢᠭᠤᠯᠬᠤ ᠠᠵᠢᠯᠯᠠᠭ᠎ᠠ ᠶᠢ ᠣᠢᠯᠠᠭᠠᠵᠤ ᠪᠠᠢᠨ᠎ᠠ᠃ | ᠳᠥᠷᠪᠡᠨ ᠠᠰᠪᠤᠷ ᠴᠠᠭᠠᠪᠤᠷ ᠲᠣᠮᠣ ᠮᠠᠯᠤᠷ ᠥᠲᠡᠭᠡ ᠪᠠᠰᠠ ᠵᠤᠭᠠᠴᠠᠭᠰᠠᠳ ᠤᠨ ᠠᠩᠬᠠᠷᠤᠯ ᠤᠨ ᠴᠡᠭ ᠪᠣᠯᠵᠤ᠂ ᠲᠡᠳᠡ | ᠬᠡᠪᠲᠡᠬᠦ ᠪᠤᠶᠤ ᠰᠠᠭᠤᠵᠤ᠂ ᠨᠠᠭᠠᠳᠴᠤ ᠲᠣᠭᠯᠠᠬᠤ ᠪᠤᠶᠤ ᠳᠣᠭᠯ ᠠᠵᠤ᠂ ᠬᠥᠳᠡᠯᠦᠯ ᠪᠠᠷᠢᠯ ᠨᠢ ᠬᠥᠭᠡᠷᠦᠬᠦᠨ ᠪᠠᠢᠳᠠᠭ᠃ | | ᠵᠤᠭᠠᠴᠠᠭᠰᠠᠳ ᠵᠧᠦ ᠰᠢᠤᠸᠠᠢ ᠰᠥᠩ | ᠳ᠋ᠸᠤ ᠶᠢᠨ ᠯᠢᠨ ᠬᠤ ᠭᠦ᠋ ᠰᠠᠢ ᠭᠡᠳᠡᠭ ᠡᠨᠡᠬᠦ ᠢᠩ ᠳᠠᠭᠤᠤ ᠪᠥᠵᠢᠭ ᠪᠣᠯᠣᠨ ᠰᠢᠩᠭᠡᠨ ᠪᠡᠶᠡᠲᠦ ᠪᠣᠣᠪᠤ ᠶᠢ ᠬᠠᠷᠠᠭᠠᠳ | ᠶᠠᠭ ᠢᠷᠡᠵᠦ ᠦᠵᠡᠮᠡᠭᠴᠡ ᠠᠳᠡ ᠲᠣᠩ ᠰᠠᠢᠨ ᠲᠣᠭᠯᠠᠭᠰᠠᠨ ᠰᠢᠭ ᠰᠠᠨᠠᠭᠳᠠᠵᠤ᠂ ᠪᠠᠰᠠ ᠴᠤ ᠦᠨᠡᠲᠡᠢ ᠪᠢᠰᠢ᠃ | | ᠠᠶᠠᠨᠴᠢᠳ ᠤᠨ ᠤᠷᠤᠰᠬᠠᠯ ᠤᠨ ᠣᠷᠭᠢᠯ ᠢ ᠠᠷᠭᠠᠴᠠᠬᠤ ᠶᠢᠨ ᠲᠥᠯᠥᠭᠡ᠂ ᠡᠯ᠎ᠡ ᠦᠵᠡᠮᠵᠢ ᠶᠢᠨ ᠣᠷᠣᠨ ᠪᠠᠰᠠ ᠠᠯᠢ | ᠣᠯᠠᠨ ᠠᠷᠭ᠎ᠠ ᠬᠡᠮᠵᠢᠶ᠎ᠡ ᠠᠪᠴᠠᠢ᠃ ᠠᠵᠢᠯᠲᠠᠳ ᠢᠶᠠᠨ ᠨᠡᠮᠡᠭᠳᠡᠭᠦᠯᠵᠦ᠂ ᠠᠮᠤᠷ ᠢ ᠬᠠᠮᠠᠭᠠᠯᠠᠬᠤ ᠡᠷᠴᠢᠮ ᠢᠶᠠᠨ | ᠴᠢᠩᠭᠠᠳᠬᠠᠵᠤ᠂ ᠵᠤᠭᠠᠴᠠᠭᠰᠠᠳ ᠤᠨ ᠠᠮᠤᠷ ᠲᠦᠪᠰᠢᠨ ᠪᠣᠯᠤᠨ ᠡᠮᠬᠢ ᠳᠢᠭᠯᠢᠮ ᠢ ᠦᠨᠡᠨᠬᠦ ᠪᠠᠲᠤᠯᠠᠬᠤ ᠬᠡᠷᠡᠭᠲᠡᠶ᠃ | ᠡᠭᠦᠨ ᠤ ᠬᠠᠮᠲᠤ᠂ ᠨᠠᠩ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠵᠤᠭᠠᠴᠠᠭᠰᠠᠳ ᠲᠤ ᠵᠤᠭᠠᠴᠠᠨ ᠨᠠᠭᠠᠳᠬᠤ | ᠶᠠᠪᠤᠴᠠ ᠳᠤ ᠲᠠᠭᠠᠯᠠᠮᠵᠢᠲᠠᠶ ᠪᠥᠭᠡᠳ ᠲᠥᠬᠦᠮ ᠦᠵᠡᠭᠦᠯᠵᠡᠶ᠃ | | | | ︽5 · 1︾ ᠤ ᠬᠤᠭᠤᠴᠠᠭᠠᠨ ᠳᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ︽ᠬᠠᠯᠠᠭᠤᠨ ᠨᠣᠭᠤᠭᠠᠨ︾ ᠴᠤ | ᠵᠦᠸᠧᠽᠢ ᠰᠢᠶᠠᠨ ᠤ ᠢᠳᠡᠭᠡᠨ ᠤᠮᠳᠠᠭᠠᠨ ᠪᠠ ᠠᠮᠢᠳᠤᠷᠠᠯ ᠤᠨ ᠦᠢᠯᠡᠴᠢᠯᠡᠭᠡᠨ ᠤ ᠬᠡᠷᠡᠭᠯᠡᠭᠡᠨ ᠤ ᠨᠡᠮᠡᠭᠳᠡᠯ ᠢ ᠳᠠᠶᠢᠴᠢᠯᠠᠭᠰᠠᠨ | ᠪᠠᠶᠢᠨ᠎ᠠ᠃ ᠵᠤᠭᠠᠴᠠᠯ ᠤᠨ ᠦᠢᠯᠡᠰ ᠤᠨ ᠬᠥᠭᠵᠢᠯᠲᠡ ᠪᠠ ᠬᠡᠷᠡᠭᠯᠡᠭᠴᠢᠳ ᠤᠨ ᠬᠡᠷᠡᠭᠴᠡᠭᠡ ᠶᠢᠨ ᠳᠡᠰ ᠳᠡᠪᠰᠢᠬᠦ ᠶᠢ | ᠳᠠᠭᠠᠯᠳᠤᠨ᠂ ᠡᠯ᠎ᠡ ᠵᠤᠭᠠᠴᠠᠯ ᠤᠨ ᠦᠵᠡᠮᠵᠢ ᠶᠢᠨ ᠣᠷᠣᠨ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ | ᠳᠡᠭᠡᠭᠰᠢᠯᠡᠭᠦᠯᠵᠦ᠂ ᠰᠣᠶᠣᠯ ᠤᠨ ᠠᠭᠤᠯᠬᠤᠨ ᠢ ᠭᠦᠨᠵᠡᠭᠡᠢ ᠠᠭᠤᠳᠠᠯᠵᠤ᠂ ᠤᠨᠴᠠᠯᠢᠬᠳᠤ ᠲᠦᠷᠦᠯ ᠵᠦᠢᠯ ᠢ ᠡᠭᠦᠳᠴᠦ᠂ | ᠨᠡᠩ ᠤᠯᠠᠨ ᠪᠠᠶᠠᠯᠢᠭ ᠰᠠᠶᠢᠬᠠᠨ ᠵᠤᠭᠠᠴᠠᠯ ᠤᠨ ᠦᠢᠯᠡᠳᠬᠦᠨ ᠢ ᠭᠠᠷᠭᠠᠵᠤ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ | ᠂ ᠵᠤᠭᠠᠴᠠᠭᠰᠠᠳ ᠲᠤ ᠨᠡᠩ ᠤᠯᠠᠨ ᠰᠢᠨ᠎ᠡ ᠰᠣᠷᠭᠤᠭ ᠰᠣᠴᠢᠨ ᠪᠠᠶᠠᠷ ᠪᠠ ᠨᠡᠩ ᠮᠠᠷᠲᠠᠭᠳᠠᠰᠢ ᠦᠭᠡᠢ ᠵᠤᠭᠠᠴᠠᠯ ᠤᠨ | ᠣᠶᠢᠯᠠᠭᠠᠯᠲᠠ ᠶᠢ ᠠᠪᠴᠢᠷᠠᠭᠰᠠᠨ ᠪᠠᠶᠢᠨ᠎ᠠ᠃ ᠣᠶᠢᠯᠠᠭᠠᠭᠰᠠᠨ ᠢᠶᠠᠷ᠂ ︽5.1︾ ᠤ ᠠᠮᠠᠷᠠᠯᠲᠠ ᠶᠢᠨ ᠬᠤᠭᠤᠴᠠᠭᠠᠨ ᠳᠤ᠂ | ᠵᠦᠸᠧᠽᠢ ᠰᠢᠶᠠᠨ ᠡᠯ᠎ᠡ ᠭᠠᠵᠠᠷ ᠤᠨ ᠵᠤᠭᠠᠴᠠᠭᠰᠠᠳ ᠢ ᠨᠡᠶᠢᠲᠡ 36 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ | ᠵᠤᠭᠠᠴᠠᠯ ᠤᠨ ᠣᠷᠣᠯᠭ᠎ᠠ ᠶᠢ 1 ᠳ᠋ᠦᠩᠰᠢᠭᠤᠷ ᠲᠥᠭᠦᠷᠢᠭ ᠳᠠᠶᠢᠴᠢᠯᠠᠬᠤ ᠶᠢ ᠪᠡᠶᠡᠯᠡᠭᠦᠯᠪᠡ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |