ᠤᠷᠴᠢᠮ ᠵᠦᠸᠧᠽᠢ ᠭᠠᠵᠠᠷ ᠣᠷᠣᠨ ᠳᠤ ᠨᠡᠶᠢᠳᠡᠮ ᠪᠣᠷᠣᠭᠠᠨ ᠣᠷᠣᠵᠤ᠂ ᠰᠠᠶᠢᠴᠤᠤᠯ ᠤᠨ ᠠᠭᠤᠯᠠᠷᠬᠠᠭ | ᠣᠷᠣᠨ ᠳᠤ ᠨᠢᠭᠡ ᠪᠦᠯᠦᠭ ᠴᠢᠭᠢᠭᠯᠢᠭ ᠨᠦᠢᠲᠠᠨ ᠪᠣᠯᠪᠠ᠃ ᠲᠠᠷᠢᠶᠠᠴᠢᠳ ᠰᠠᠶᠢᠨ ᠰᠠᠶᠢᠬᠠᠨ ᠴᠠᠭ ᠮᠥᠴᠡ ᠶᠢ | ᠡᠵᠡᠮᠳᠡᠵᠦ᠂ ᠬᠠᠪᠤᠷ ᠤᠨ ᠲᠠᠷᠢᠶᠠᠯᠠᠭ᠎ᠠ ᠳᠤ ᠤᠷᠤᠯᠴᠠᠪᠠ᠃ ᠥᠩᠭᠡᠷᠡᠭᠰᠡᠨ ᠵᠢᠯ ᠤᠳ ᠲᠠᠢ ᠠᠳᠠᠯᠢ ᠦᠭᠡᠢ ᠨᠢ | ᠲᠠᠷᠢᠶᠠᠯᠠᠬᠤ ᠮᠡᠷᠭᠡᠵᠢᠯ᠂ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠶᠢ ᠡᠭᠦᠳᠬᠦ ᠴᠢᠨᠠᠷᠲᠠᠢ ᠲᠤᠬᠢᠷᠠᠭᠤᠯᠤᠯᠳᠠ᠂ | ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠴᠠ ᠰᠠᠶᠢᠨ ᠡᠭᠦᠯᠳᠡᠷ ᠤᠨ ᠬᠡᠷᠡᠭᠯᠡᠯᠲᠡ᠂ | ᠪᠤᠷᠳᠤᠭᠤᠷ ᠣᠷᠣᠭᠤᠯᠬᠤ ᠬᠤᠪᠢᠰᠬᠠᠯ ᠵᠡᠷᠭᠡ ᠬᠦᠷᠲᠡᠯ᠎ᠡ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠳᠤᠮᠳᠠ ᠥᠷᠭᠡᠨ ᠢᠶᠠᠷ ᠬᠡᠷᠡᠭᠯᠡᠵᠦ᠂ ᠡᠯ᠎ᠡ ᠭᠠᠵᠠᠷ ᠤᠨ | ᠬᠠᠪᠤᠷ ᠤᠨ ᠲᠠᠷᠢᠶᠠᠯᠠᠭ᠎ᠠ ᠶᠢᠨ ᠠᠬᠢᠴᠠ᠂ ᠲᠠᠷᠢᠮᠠᠯ ᠤᠨ ᠶᠠᠰᠤ ᠴᠢᠨᠠᠷ ᠲᠤ ᠤᠷᠢᠳ ᠡᠮᠦᠨ᠎ᠡ ᠪᠠᠶᠢᠭ᠎ᠠ ᠦᠭᠡᠢ ᠴᠤ᠋ | ᠰᠢᠨ᠎ᠡ ᠡᠨᠧᠷᠭᠢ ᠨᠡᠮᠡᠷᠢᠯᠡᠭᠰᠡᠨ ᠪᠠᠶᠢᠨ᠎ᠠ᠃ | ᠰᠢᠨ᠎ᠡ ᠴᠢᠨᠠᠷᠲᠤ ᠲᠠᠷᠢᠶᠠᠯᠠᠩ ᠤᠨ ᠮᠠᠰᠢᠨ ᠨᠢ ᠤᠯᠠᠮᠵᠢᠯᠠᠯᠲᠤ ᠲᠠᠷᠢᠶᠠᠯᠠᠩ ᠤᠨ ᠪᠠᠭᠠᠵᠢ ᠶᠢ ᠣᠷᠣᠯᠠᠬᠤ | ᠬᠠᠭᠤᠴᠢᠨ ᠲᠠᠷᠢᠶᠠᠯᠠᠩ ᠤᠨ ᠪᠠᠭᠠᠵᠢ ᠶᠢ ᠲᠠᠷᠢᠬᠤ ᠠᠬᠢᠴᠠ ᠨᠢ ᠲᠦᠢᠯ ᠤᠨ ᠤᠳᠠᠭᠠᠨ ᠮᠥᠷᠲᠡᠭᠡᠨ ᠲᠠᠷᠢᠮᠠᠯ ᠤᠨ | ᠶᠠᠰᠤ ᠴᠢᠨᠠᠷ ᠨᠢ ᠠᠨᠠᠢ᠂ ᠲᠠᠷᠢᠶ᠎ᠠ ᠲᠠᠷᠢᠬᠤ ᠨᠣᠷᠮ᠎ᠠ ᠨᠢ ᠳᠣᠣᠷ᠎ᠠ᠂ ᠬᠤᠷᠢᠶᠠᠯᠲᠠ ᠬᠤᠷᠢᠶᠠᠯᠲᠠ ᠶᠢ ᠨᠥᠯᠥᠭᠡᠯᠡᠭᠰᠡᠨ | ᠪᠠᠶᠢᠨ᠎ᠠ᠃ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠬᠤᠭᠤᠴᠠᠭᠠᠨ ᠳᠤ᠂ ᠡᠯ᠎ᠡ | ᠲᠠᠷᠢᠶᠠᠯᠠᠬᠤ ᠣᠷᠣᠨ ᠤ ᠭᠠᠵᠠᠷ ᠤᠷᠪᠠᠭᠤᠯᠬᠤ᠂ ᠮᠠᠯᠲᠠᠭᠤᠷ ᠣᠷᠪᠠᠭᠤᠯᠬᠤ᠂ ᠡᠷᠭᠢᠯᠳᠦᠭᠦᠯᠦᠨ ᠲᠠᠷᠢᠬᠤ᠂ ᠳᠠᠯᠠᠩ ᠢ | ᠨᠡᠭᠡᠭᠡᠬᠦ᠂ ᠦᠷ᠎ᠡ ᠴᠣᠬᠢᠬᠤ᠂ ᠴᠢᠬᠢ ᠰᠢᠯᠵᠢᠭᠦᠯᠬᠦ᠂ ᠪᠣᠷᠳᠣᠭᠤᠷ ᠣᠷᠣᠭᠤᠯᠬᠤ ᠵᠡᠷᠭᠡ ᠳᠤ ᠰᠢᠨ᠎ᠡ ᠴᠢᠨᠠᠷ ᠤᠨ | ᠣᠶᠤᠨᠴᠢ ᠮᠠᠰᠢᠨ ᠤᠭᠰᠠᠷᠠᠵᠤ᠂ ᠵᠢᠱᠢᠶᠡᠯᠡᠪᠡᠯ᠂ ᠭᠢᠨᠵᠢᠨ ᠬᠡᠯᠪᠡᠷᠢ ᠶᠢᠨ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ᠂ | ᠲᠠᠷᠢᠬᠤ ᠪᠣᠷᠳᠣᠭᠤᠷ ᠣᠷᠣᠭᠤᠯᠬᠤ ᠨᠢᠭᠡ ᠴᠣᠭᠴᠠ ᠮᠠᠰᠢᠨ᠂ ᠪᠦᠷᠢᠨ ᠠᠦ᠋ᠲ᠋ᠣ᠋ ᠪᠤᠭᠤᠳᠠᠢ ᠲᠠᠷᠢᠬᠤ ᠮᠠᠰᠢᠨ ᠵᠡᠷᠭᠡ | ᠪᠣᠯᠣᠨ᠎ᠠ᠃ ᠰᠢᠨ᠎ᠡ ᠴᠢᠨᠠᠷ ᠤᠨ ᠮᠠᠰᠢᠨ ᠢᠶᠠᠷ ᠤᠷᠪᠠᠭᠰᠠᠨ ᠭᠦᠨ ᠭᠦᠢᠬᠡᠨ ᠨᠢ ᠲᠣᠬᠢᠷᠠᠮᠵᠢᠲᠠᠶ᠂ ᠡᠷᠭᠢᠯᠳᠦᠨ | ᠬᠠᠭᠠᠯᠪᠤᠷᠢᠯᠠᠭᠰᠠᠨ ᠤ ᠳᠠᠷᠠᠭᠠᠬᠢ ᠬᠥᠷᠥᠰᠥ ᠰᠢᠷᠣᠶ ᠨᠢ ᠰᠡᠶᠢᠷᠡᠭ᠂ ᠠᠨᠵᠢᠰᠤᠨ ᠭᠤᠤ ᠶᠢᠨ ᠰᠤᠪᠠᠭ ᠨᠢ ᠲᠡᠷᠢ ᠲᠡᠭᠰᠢ | ᠵᠢᠭᠳᠡᠷᠡᠭᠰᠡᠨ ᠦᠷ᠎ᠡ ᠰᠠᠴᠤᠵᠤ᠂ ᠵᠠᠶᠢᠯᠠᠭᠰᠠᠨ ᠴᠢᠬᠢ ᠶᠢᠨ ᠡᠳᠡᠭᠡᠷᠡᠯᠲᠡ ᠶᠢᠨ ᠨᠣᠷᠮ᠎ᠠ ᠨᠢ ᠥᠨᠳᠥᠷ ᠪᠠᠶᠢᠳᠠᠭ᠃ ᠨᠠᠩ | ᠴᠢᠬᠤᠯᠠ ᠨᠢ ᠰᠢᠨ᠎ᠡ ᠶᠠᠰᠤ ᠴᠢᠨᠠᠷ ᠣᠶᠤᠨᠴᠢ ᠮᠠᠰᠢᠨ ᠢᠶᠠᠷ ᠳᠠᠷᠢᠬᠤ ᠨᠢ ᠣᠶᠤᠨᠴᠢ ᠳᠤᠷᠠᠰᠤᠮᠵᠢ ᠳᠤ ᠲᠦᠰᠢᠭᠯᠡᠨ᠂ | ᠲᠠᠷᠠᠭᠠᠴᠢ ᠶᠢᠨ ᠠᠯᠬᠤᠮ ᠤᠨ ᠲᠠᠷᠢᠶᠠᠨ ᠭᠠᠵᠠᠷ ᠤᠨ ᠬᠠᠮᠢᠶᠠᠷᠤᠯᠲᠠ᠂ ᠡᠪᠡᠰᠦ ᠠᠷᠢᠯᠭᠠᠬᠤ᠂ ᠬᠥᠷᠥᠰᠥ ᠰᠢᠷᠣᠶ᠂ | ᠤᠰᠤᠯᠠᠯᠲᠠ ᠵᠢᠴᠢ ᠨᠠᠮᠤᠷ ᠤᠨ ᠬᠤᠷᠢᠶᠠᠯᠲᠠ ᠳᠤ ᠲᠦᠰᠢᠭᠯᠡᠵᠦ᠂ ᠵᠣᠬᠢᠴᠠᠯᠳᠤᠭᠰᠠᠨ ᠨᠢᠭᠡ ᠴᠣᠭᠴᠠᠵᠢᠭᠰᠠᠨ | ᠮᠠᠰᠢᠨ ᠢᠶᠠᠷ ᠠᠵᠢᠯᠯᠠᠬᠤ ︽ᠫᠷᠤᠭ᠍ᠷᠠᠮ︾ ᠢ ᠪᠦᠷᠢᠯᠳᠦᠭᠦᠯᠵᠦ᠂ ᠣᠳᠣᠬᠢᠴᠢᠯᠠᠭᠰᠠᠨ ᠲᠠᠷᠢᠶᠠᠯᠠᠩ ᠤᠨ | ᠦᠢᠯᠡᠳᠪᠦᠷᠢᠯᠡᠯ ᠤᠨ ᠶᠠᠰᠤ ᠴᠢᠨᠠᠷ ᠪᠠ ᠦᠢᠯᠡᠳᠪᠦᠷᠢᠯᠡᠯ ᠤᠨ ᠬᠤᠷᠳᠤᠴᠠ ᠶᠢ ᠲᠦᠢᠯ ᠤᠨ ᠶᠡᠭᠡ ᠪᠠᠷ | ᠳᠡᠭᠡᠭᠰᠢᠯᠡᠭᠦᠯᠪᠡ᠃ | ᠮᠢᠨ ᠹᠧᠩ ᠪᠦᠯᠦᠭᠯᠡᠯ ᠵᠦᠸᠧᠽᠢ ᠰᠢᠶᠠᠨ ᠳᠤ 1.6 ᠲᠦᠮᠡᠨ ᠮᠦ ᠭᠠᠵᠠᠷ ᠰᠢᠷᠣᠢ ᠡᠵᠡᠩᠨᠡᠵᠦ᠂ | ᠥᠩᠭᠡᠷᠡᠭᠰᠡᠨ ᠤ ᠬᠠᠪᠤᠷ ᠤᠨ ᠲᠠᠷᠢᠶᠠᠯᠠᠭ᠎ᠠ ᠳᠤ ᠲᠠᠷᠢᠵᠤ᠂ ᠶᠡᠭᠡ ᠬᠡᠮᠵᠢᠶᠡᠨ ᠤ ᠲᠠᠷᠢᠶᠠᠯᠠᠩ ᠤᠨ ᠮᠠᠰᠢᠨ ᠪᠠᠭᠠᠵᠢ ᠪᠠ | ᠬᠥᠯᠥᠰᠥᠨ ᠠᠵᠢᠯᠴᠢᠨ ᠢ ᠬᠥᠯᠥᠰᠥᠯᠡᠵᠦ ᠪᠠᠶᠢᠭᠠᠳ ᠡᠭᠦᠷᠭᠡ ᠪᠠᠨ ᠪᠡᠶᠡᠯᠡᠭᠦᠯᠵᠦ ᠴᠢᠳᠠᠨ᠎ᠠ᠃ ᠡᠨᠡ ᠵᠢᠯ᠂ ᠺᠣᠮᠫᠠᠨᠢ | ᠴᠠᠶᠢᠶ᠋ᠢᠦ ᠲᠣᠰᠣᠨ ᠤ ᠬᠥᠳᠡᠯᠭᠡᠬᠦ ᠬᠦᠴᠦᠨ ᠤ ︽ᠲᠦᠮᠡᠨ ᠵᠢᠯ ᠤᠨ ᠤᠯᠠᠭᠠᠨ ᠲᠡᠮᠳᠡᠭᠲᠦ︾ 1804 ᠮᠣᠷᠢᠨ | ᠬᠦᠴᠦᠨ ᠤ ᠲᠷᠠᠺᠲ᠋ᠣᠷ ᠢ ᠣᠷᠣᠭᠤᠯᠤᠨ ᠠᠪᠴᠢᠷᠠᠵᠤ᠂ 60 ᠮᠥᠷ ᠤᠨ ᠪᠣᠭᠤᠳᠠᠶ ᠳᠠᠷᠢᠬᠤ ᠮᠠᠰᠢᠨ᠂ ᠣᠶᠤᠨᠴᠢ | ᠲᠥᠮᠥᠰᠥ ᠳᠠᠷᠢᠬᠤ ᠮᠠᠰᠢᠨ ᠪᠠ ᠬᠥᠪᠦᠮᠡᠯ ᠡᠷᠳᠡᠨᠢ ᠰᠢᠰᠢ᠂ ᠰᠢᠷ᠎ᠠ ᠪᠤᠷᠴᠠᠭ ᠤᠨ ᠳᠠᠷᠢᠬᠤ ᠮᠠᠰᠢᠨ ᠵᠡᠷᠭᠡ ᠶᠢ ᠢᠵᠢ | ᠪᠥᠷᠢᠳᠦᠭᠦᠯᠵᠦ᠂ ᠨᠢᠭᠡ ᠡᠳᠦᠷ ᠲᠤ 1000 ᠭᠠᠷᠤᠶ ᠮᠥ ᠲᠠᠷᠢᠮᠠᠯ ᠳᠠᠷᠢᠵᠤ᠂ ᠳᠠᠷᠢᠬᠤ ᠬᠦᠴᠦᠨ ᠲᠠᠢ | ᠬᠤᠭᠤᠴᠠᠭ᠎ᠠ ᠶᠢ ᠬᠡᠳᠦᠨ ᠠᠷᠪᠠᠨ ᠳᠠᠬᠢᠨ ᠳᠡᠭᠡᠭᠰᠢᠯᠡᠭᠦᠯᠦᠭᠰᠡᠨ ᠪᠥᠭᠡᠳ ᠳᠠᠷᠢᠬᠤ ᠶᠠᠰᠤ ᠴᠢᠨᠠᠷ ᠨᠢ ᠮᠠᠰᠢ ᠥᠨᠳᠥᠷ | ᠪᠠᠶᠢᠨ᠎ᠠ᠃ | ᠰᠢᠨ᠎ᠡ ᠰᠠᠶᠢᠨ ᠡᠬᠦᠯᠳᠡᠷ ᠤᠨ ᠦᠷ᠎ᠡ ᠠᠪᠬᠤ | ᠥᠩᠭᠡᠷᠡᠭᠰᠡᠨ ᠳᠤ᠂ ᠵᠦᠸᠧᠽᠢ ᠰᠢᠶᠠᠨ ᠤ ᠡᠯ᠎ᠡ ᠬᠥᠳᠡᠭᠡ ᠲᠣᠰᠬᠤᠨ᠂ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ | ᠲᠥᠮᠥᠰᠥ᠂ ᠬᠤᠮᠠ᠂ ᠪᠤᠭᠤᠳᠠᠢ᠂ ᠢᠳᠡᠰᠢᠨ ᠨᠣᠭᠤᠭ᠎ᠠ ᠵᠡᠷᠭᠡ ᠦᠷ᠎ᠡ ᠶᠢ ᠴᠥᠮ ᠲᠦᠷᠦᠭᠦᠦ ᠵᠢᠯ ᠳᠤ | ᠬᠤᠷᠢᠶᠠᠭᠰᠠᠨ ᠠᠮᠤ ᠪᠤᠳᠠᠭ᠎ᠠ᠂ ᠲᠣᠰᠣᠯᠢᠭ ᠲᠠᠷᠢᠮᠠᠯ᠂ ᠢᠳᠡᠰᠢᠨ ᠨᠣᠭᠤᠭ᠎ᠠ ᠠᠴᠠ ᠨᠢᠭᠡ ᠬᠡᠰᠡᠭ ᠲᠠᠷᠢᠶᠠᠨ ᠦᠷ᠎ᠡ | ᠪᠣᠯᠭᠠᠵᠠᠢ᠃ ᠡᠨᠡ ᠬᠦ ᠠᠮᠤ ᠪᠤᠳᠠᠭ᠎ᠠ ᠪᠠᠷ ᠲᠠᠷᠢᠶᠠᠨ ᠦᠷ᠎ᠡ ᠪᠣᠯᠭᠠᠵᠤ ᠲᠠᠷᠢᠭᠰᠠᠨ ᠲᠠᠷᠢᠶ᠎ᠠ ᠪᠣᠯ ᠮᠦ ᠪᠦᠷᠢ ᠶᠢᠨ | ᠤᠨᠠᠯᠲᠠ ᠳᠣᠣᠷ᠎ᠠ ᠪᠠᠶᠢᠬᠤ ᠪᠠᠷ ᠪᠠᠷᠠᠬᠤ ᠦᠭᠡᠢ ᠪᠠᠰᠠ ᠡᠪᠡᠳᠴᠢᠨ ᠬᠤᠷᠣᠬᠠᠢ ᠶᠢᠨ ᠭᠠᠮᠰᠢᠭ ᠠᠮᠠᠷᠬᠠᠨ ᠡᠭᠦᠰᠳᠡᠭ᠂ | ᠭᠡᠮ ᠰᠣᠭᠤᠭ ᠪᠣᠯ ᠳᠠᠷᠤᠢ ᠲᠠᠷᠢᠮᠠᠯ ᠤᠷᠭᠤᠮᠠᠯ ᠬᠡᠪᠡᠷᠡᠭ ᠪᠠᠶᠢᠵᠤ᠂ ᠠᠮᠠᠷᠬᠠᠨ ᠨᠠᠯᠠᠨ ᠤᠨᠠᠵᠤ᠂ ᠦᠢᠯᠡᠳᠪᠦᠷᠢᠯᠡᠭᠰᠡᠨ | ᠠᠮᠤ ᠪᠤᠳᠠᠭᠠᠨ ᠤ ᠶᠠᠰᠤ ᠴᠢᠨᠠᠷ ᠬᠦᠨᠳᠦ ᠨᠣᠴᠢᠲᠠᠢ ᠪᠠᠭᠤᠷᠠᠭᠰᠠᠨ ᠪᠠᠶᠢᠨ᠎ᠠ᠃ ᠡᠨᠡ ᠵᠢᠯ ᠵᠦᠸᠧᠽᠢ ᠰᠢᠶᠠᠨ ᠤ | ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠡᠷᠡᠭᠵᠢᠭᠦᠯᠬᠦ ᠶᠠᠪᠤᠴᠠ ᠳᠤ᠂ ᠲᠠᠷᠢᠶᠠᠴᠢᠳ ᠲᠤ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠢᠶᠠᠷ ᠭᠤᠤᠯ ᠠᠭᠤᠯᠭ᠎ᠠ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ | ᠪᠣᠯᠪᠠᠰᠤᠷᠠᠭᠤᠯᠤᠯ ᠢ ᠤᠷᠢᠳᠴᠢᠯᠠᠨ ᠬᠢᠵᠦ᠂ ᠪᠣᠯᠪᠠᠰᠤᠷᠠᠭᠤᠯᠤᠯ ᠤᠨ ᠬᠢᠴᠢᠶᠡᠯᠯᠡᠬᠦ ᠠᠭᠤᠯᠭ᠎ᠠ ᠨᠢ ︽ᠰᠢᠨ᠎ᠡ ᠶᠠᠰᠤ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠡᠷᠬᠢᠨ ᠲᠠᠨᠢᠬᠤ ᠪᠣᠶ︾᠂ ︽ᠶᠠᠭᠤ ᠶᠢ ᠰᠢᠨ᠎ᠡ ᠶᠠᠰᠤ ᠴᠢᠨᠠᠷ ᠤᠨ | ᠦᠢᠯᠡᠳᠪᠦᠷᠢᠯᠡᠯ ᠤᠨ ᠬᠦᠴᠦᠨ ᠭᠡᠬᠦ ᠪᠣᠶ︾᠂ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠬᠢᠭᠡᠳ | ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ︾ ᠵᠡᠷᠭᠡ ᠪᠣᠶ᠃ ᠪᠣᠯᠪᠠᠰᠤᠷᠠᠭᠤᠯᠤᠨ ᠬᠢᠴᠢᠶᠡᠯᠯᠡᠬᠦ ᠶᠢᠨ ᠬᠠᠮᠲᠤ᠂ | ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠠᠬ᠎ᠠ ᠳᠡᠯᠭᠡᠭᠦᠷ᠂ | ᠠᠷᠠᠯᠵᠢᠶ᠎ᠠ ᠬᠤᠳᠠᠯᠳᠤᠭ᠎ᠠ᠂ ᠡᠯᠧᠺᠳ᠋ᠷᠣᠨ ᠬᠤᠳᠠᠯᠳᠤᠭ᠎ᠠ ᠵᠡᠷᠭᠡ ᠰᠠᠯᠠᠭ᠎ᠠ ᠮᠥᠴᠢᠷ ᠢ ᠵᠣᠬᠢᠴᠠᠭᠤᠯᠵᠤ᠂ | ᠲᠥᠮᠥᠰᠥ ᠶᠢᠨ ᠬᠠᠮᠤᠭ ᠤᠨ ᠰᠢᠨ᠎ᠡ ᠬᠤᠣᠷ ᠦᠭᠡᠶᠢᠳᠡᠭᠦᠯᠦᠭᠰᠡᠨ ᠦᠷ᠎ᠡ ᠶᠢᠨ ᠲᠥᠮᠥᠰᠥ᠂ ᠶᠤᠤᠮᠠᠢ ᠶᠢᠨ ︽ | ᠬᠠᠰᠢᠯᠭ᠎ᠠ ᠶᠢᠨ ᠶᠤᠤᠮᠠᠢ ᠶᠢᠨ ᠨᠢᠭᠡᠳᠦᠭᠡᠷ ᠨᠣᠮᠧᠷ︾᠂ ︽ᠪᠠ ᠶᠤᠤᠵᠢ ᠶᠢᠨ ᠬᠤᠶᠠᠳᠤᠭᠠᠷ ᠨᠣᠮᠧᠷ︾᠂ | ᠪᠤᠭᠤᠳᠠᠢ ᠶᠢᠨ ︽ᠯᠦ ᠶᠠᠨ 951︾᠂ ᠡᠷᠳᠡᠨᠢ ᠰᠢᠰᠢ ᠶᠢᠨ ᠪᠣᠭᠤᠨᠢ ᠡᠰᠢᠲᠦ ᠶᠡᠭᠡ ᠰᠢᠳᠠᠮ ︽ᠳ᠋ᠦᠩ ᠳ᠋ᠠᠨ 183 | ︾ ᠵᠡᠷᠭᠡ ᠦᠷ᠎ᠡ ᠶᠢ ᠤᠷᠢᠳᠴᠢᠯᠠᠨ ᠪᠡᠯᠡᠳᠬᠡᠪᠡ᠃ ᠬᠠᠪᠤᠷ ᠤᠨ ᠲᠠᠷᠢᠶᠠᠯᠠᠭ᠎ᠠ ᠵᠢᠨᠲᠠᠷᠢᠶᠠᠯᠠᠭᠠ ᠵᠢᠨᠲᠠᠷᠢᠶᠠᠯᠠᠭᠠ | ᠵᠢᠨᠡᠳᠡᠭᠡᠷ ᠰᠢᠨ᠎ᠡ ᠶᠠᠰᠤ ᠴᠢᠨᠠᠷ ᠰᠠᠶᠢᠨ ᠦᠷ᠎ᠡ ᠴᠥᠮ ᠲᠠᠷᠢᠶᠠᠨ ᠭᠠᠵᠠᠷ ᠲᠤ ᠣᠷᠣᠵᠤ᠂ ᠪᠦᠬᠦ ᠰᠢᠶᠠᠨ ᠤ | ᠲᠠᠷᠢᠮᠠᠯ ᠤᠨ ᠰᠢᠨ᠎ᠡ ᠶᠠᠰᠤ ᠴᠢᠨᠠᠷ ᠰᠠᠶᠢᠨ ᠲᠠᠷᠢᠬᠤ ᠬᠡᠮᠵᠢᠶ᠎ᠡ 90% ᠠᠴᠠ ᠳᠡᠭᠡᠭᠰᠢ ᠳᠤ ᠬᠦᠷᠴᠡᠢ᠃ | ᠳ᠋ᠠ ᠢᠦᠢ ᠱᠤ᠋ ᠰᠢᠶᠠᠩ ᠤᠨ ᠺᠦᠩ ᠳ᠋ᠦ᠋ ᠶᠢᠩ ᠲᠣᠰᠬᠤᠨ ᠤ ᠵᠤᠤ ᠬᠤᠩ ᠹᠸᠢ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ ᠤᠤᠯ ᠨᠢ ︽ᠬᠠᠭᠤᠴᠢᠨ ᠠᠮᠤ ᠪᠤᠳᠠᠭ᠎ᠠ︾ ᠪᠤᠭᠤᠳᠠᠢ ᠶᠢᠨ ᠦᠷ᠎ᠡ ᠶᠢ ᠬᠡᠷᠡᠭᠯᠡᠵᠦ᠂ | ᠬᠠᠭᠤᠴᠢᠨ ᠪᠤᠭᠤᠳᠠᠢ ᠰᠠᠶᠢᠨ ᠡᠭᠦᠯᠳᠡᠷ ᠤᠨ ᠪᠠᠶᠢᠪᠠᠰᠤ ᠵᠣᠬᠢᠬᠤ ᠶᠠᠰᠤ ᠴᠢᠨᠠᠷ ᠢ ᠪᠦᠷᠢᠯᠳᠦᠭᠦᠯᠦᠭᠡᠳᠦᠶ ᠪᠣᠯᠬᠤᠷ | ᠲᠠᠷᠢᠭᠰᠠᠨ ᠤ ᠳᠠᠷᠠᠭ᠎ᠠ ᠪᠤᠭᠤᠳᠠᠢ ᠶᠢᠨ ᠴᠢᠬᠢ ᠲᠡᠭᠰᠢ ᠪᠤᠰᠤ᠂ ᠭᠠᠩ ᠬᠠᠭᠰᠠᠷᠠᠭᠠᠨ ᠲᠠᠢ ᠲᠡᠮᠡᠴᠡᠵᠦ ᠬᠦᠢᠲᠡᠨ ᠢ | ᠲᠡᠰᠪᠦᠷᠢᠯᠡᠬᠦ ᠴᠢᠳᠠᠪᠤᠷᠢ ᠠᠨᠠᠶ ᠪᠠᠶᠢᠪᠠ᠃ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠳᠤ᠂ ᠲᠠᠷᠢᠶᠠᠯᠠᠩ ᠤᠨ | ᠲᠠᠯᠠᠪᠠᠢ ᠳᠤ ︽ᠱᠢ ᠮᠠᠢ 32︾᠂ ︽ᠱᠠᠨ ᠨᠥᠩ 42︾ ᠵᠡᠷᠭᠡ ᠰᠢᠨ᠎ᠡ ᠴᠢᠨᠠᠷ ᠤᠨ ᠪᠤᠭᠤᠳᠠᠢ ᠶᠢᠨ ᠰᠠᠶᠢᠨ | ᠡᠭᠦᠯᠳᠡᠷ ᠪᠠ ᠲᠥᠮᠥᠰᠥ ᠶᠢᠨ ︽ᠵᠤᠸᠠᠩ ᠲᠥᠮᠥᠰᠥ 5 ᠨᠣᠮᠧᠷᠲᠤ︾᠂ ︽ᠬᠥᠬᠡ ᠲᠥᠮᠥᠰᠥ 9 ᠨᠣᠮᠧᠷᠲᠤ︾ | ᠵᠡᠷᠭᠡ ᠰᠠᠶᠢᠨ ᠡᠭᠦᠯᠳᠡᠷ ᠢ ᠬᠡᠷᠡᠭᠯᠡᠪᠡ᠃ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠲᠠᠨ ᠵᠤᠤ ᠬᠤᠩ ᠹᠸᠢ | ᠢᠲᠡᠭᠡᠯ ᠲᠠᠢ ᠪᠠᠷ ᠬᠡᠯᠡᠬᠦ ᠳᠡᠭᠡᠨ᠄ ︽ᠰᠢᠨ᠎ᠡ ᠰᠠᠶᠢᠨ ᠡᠭᠦᠯᠳᠡᠷ ᠲᠠᠢ ᠪᠣᠯᠪᠠᠯ᠂ ᠪᠢ ᠡᠨᠡ ᠵᠢᠯ ᠡᠯᠪᠡᠭ ᠬᠤᠷᠢᠶᠠᠯᠲᠠ | ᠤᠯᠬᠤ ᠪᠣᠯᠤᠯᠴᠠᠭ᠎ᠠ ᠲᠠᠢ︾ ᠭᠡᠪᠡ᠃ | ᠰᠢᠨ᠎ᠡ ᠮᠠᠶ᠋ᠢᠭ ᠤᠨ ᠨᠤᠭᠤᠭᠠᠨ ᠪᠤᠷᠳᠤᠭᠤᠷ ᠢᠶᠠᠷ ᠬᠢᠮᠢ ᠶᠢᠨ ᠪᠤᠷᠳᠤᠭᠤᠷ ᠢ ᠤᠷᠤᠯᠠᠭᠤᠯᠬᠤ | ᠵᠦᠸᠧᠽᠢ ᠰᠢᠶᠠᠨ ᠳᠤ᠂ ᠲᠠᠷᠢᠵᠦ ᠪᠠᠶᠢᠭᠰᠠᠨ ᠬᠢᠮᠢ ᠶᠢᠨ ᠪᠣᠷᠳᠣᠭᠤᠷ ᠢ 20 ᠳ᠋ᠤᠭᠠᠷ ᠵᠠᠭᠤᠨ ᠤ ᠳᠠᠯᠠᠭᠠᠳ ᠤᠨ | ᠪᠣᠯᠲᠠᠯ᠎ᠠ ᠨᠡᠬᠡᠮᠵᠢᠯᠡᠵᠦ᠂ ᠲᠡᠷᠡ ᠦᠶ᠎ᠡ ᠠᠴᠠ ᠡᠬᠢᠯᠡᠨ 50 ᠰᠢᠬᠠᠮ ᠵᠢᠯ ᠤᠨ ᠳᠣᠲᠣᠷ᠎ᠠ ᠡᠯ᠎ᠡ ᠲᠣᠰᠬᠤᠨ ᠤ | ᠲᠠᠷᠢᠭᠰᠠᠨ ᠰᠢᠭᠡᠰᠦᠯᠢᠭ ᠡᠳ᠋᠂ ᠹᠣᠰᠹᠣᠷ ᠬᠦᠴᠢᠯ ᠤᠨ ᠬᠤᠶᠠᠷᠴᠢ ᠠᠮᠮᠣᠨᠢ᠂ ᠨᠡᠭᠦᠷᠡᠰᠦ ᠬᠦᠴᠢᠯ ᠤᠨ | ᠤᠰᠤᠲᠥ᠋ᠷᠥᠭᠴᠢᠲᠦ ᠠᠮᠮᠤᠨᠢ ᠵᠡᠷᠭᠡ ᠬᠢᠮᠢ ᠶᠢᠨ ᠪᠣᠷᠳᠣᠭᠤᠷ ᠣᠷᠣᠭᠤᠯᠬᠤ ᠬᠡᠮᠵᠢᠶ᠎ᠡ ᠶᠢ ᠠᠩᠬ᠎ᠠ ᠡᠬᠢᠨ ᠳᠤ ᠪᠠᠨ 5 | ᠵᠢᠩ ᠪᠠᠶᠢᠭᠰᠠᠨ ᠠᠴᠠ ᠵᠢᠯ ᠳᠠᠷᠠᠭᠠᠯᠠᠨ 20 ᠵᠢᠩ ᠪᠣᠯᠭᠠᠨ ᠨᠡᠮᠡᠭᠳᠡᠭᠦᠯᠵᠦ᠂ ᠰᠡᠭᠦᠯᠡᠷ ᠨᠢ ᠮᠦ ᠪᠦᠷᠢ 50 ᠭᠠᠷᠤᠢ | ᠵᠢᠩ ᠪᠣᠯᠭᠠᠨ ᠨᠡᠮᠡᠭᠳᠡᠭᠦᠯᠪᠡ᠃ ᠬᠢᠮᠢ ᠶᠢᠨ ᠪᠣᠷᠳᠣᠭᠤᠷ ᠨᠢ ᠭᠠᠵᠠᠷ ᠰᠢᠷᠣᠶ ᠶᠢᠨ ᠬᠤᠷᠮᠤᠨ ᠪᠣᠯᠤᠭᠰᠠᠨ ᠤ ᠬᠤᠪᠢ ᠳᠤ | ᠂ ᠭᠠᠯᠵᠠᠭᠤᠷᠠᠭᠰᠠᠨ ᠮᠡᠲᠦ ᠭᠠᠵᠠᠷ ᠰᠢᠷᠣᠶ ᠶᠢ ᠬᠡᠲᠦᠷᠡᠭᠰᠡᠨ ᠪᠣᠯᠬᠤᠷ ᠬᠥᠷᠥᠰᠥ ᠰᠢᠷᠣᠶ ᠶᠢ ᠬᠦᠨᠳᠦ ᠨᠣᠴᠢᠲᠠᠶ | ᠪᠠᠷᠢᠯᠳᠤᠭᠤᠯᠵᠤ᠂ ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ ᠰᠡᠶᠢᠷᠡᠭ ᠭᠠᠵᠠᠷ ᠲᠠᠷᠢᠶ᠎ᠠ ᠶᠢ ᠲᠡᠭᠰᠢᠯᠡᠨ ᠲᠡᠭᠰᠢᠯᠡᠬᠦ ᠳᠤ | ᠬᠦᠴᠢᠷ᠂ ᠨᠠᠩ ᠬᠦᠨᠳᠦ ᠨᠣᠴᠢᠲᠠᠶ ᠨᠢ ᠪᠣᠯ ᠳᠠᠷᠢᠵᠤ ᠭᠠᠷᠭᠠᠭᠰᠠᠨ ︽ᠬᠢᠮᠢ ᠶᠢᠨ ᠪᠣᠷᠳᠣᠭᠤᠷ ᠤᠨ ᠠᠮᠤ ᠪᠤᠳᠠᠭ᠎ᠠ︾ | ᠂ ︽ᠬᠢᠮᠢ ᠶᠢᠨ ᠪᠣᠷᠳᠣᠭᠤᠷ ᠲᠣᠰᠤᠯᠢᠭ ᠲᠠᠷᠢᠮᠠᠯ︾ ᠵᠡᠷᠭᠡ ᠶᠠᠰᠤ ᠴᠢᠨᠠᠷ ᠤᠨ ︽ᠮᠠᠭᠤ ᠦᠨᠡᠯᠡᠯᠲᠡ︾ ᠪᠣᠯᠤᠨ᠎ᠠ᠃ | ᠡᠨᠡ ᠵᠢᠯ᠂ ᠵᠦᠸᠧᠽᠢ ᠰᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠳᠤᠮᠳᠠ᠂ ᠲᠠᠷᠢᠶᠠᠯᠠᠩ ᠬᠥᠳᠡᠭᠡ ᠲᠣᠰᠬᠤᠨ ᠤ | ᠶᠠᠮᠤᠨ ᠤ ︽2025 ᠤᠨ ᠪᠣᠯᠬᠤ ᠳᠤ ᠬᠢᠮᠢ ᠶᠢᠨ ᠪᠣᠷᠲᠣᠭᠤᠷ ᠤᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢᠨ | ᠲᠥᠰᠦᠯ︾ ᠢ ᠶᠡᠬᠡᠪᠡᠷ ᠤᠬᠠᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠮᠢ ᠶᠢᠨ ᠪᠣᠷᠲᠣᠭᠤᠷ ᠤᠨ | ᠬᠡᠷᠡᠭᠯᠡᠯᠲᠡ ᠶᠢ ᠨᠡᠮᠡᠭᠳᠡᠭᠦᠯᠬᠦ ᠥᠬᠡᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠡᠯ᠎ᠡ ᠭᠠᠵᠠᠷ ᠤᠨ ᠬᠢᠨ | ᠬᠦᠴᠦᠨ ᠢᠶᠠᠨ ᠲᠥᠪᠯᠡᠷᠡᠭᠦᠯᠦᠨ ᠦᠬᠡᠷ ᠬᠤᠨᠢ᠂ ᠭᠠᠭ᠋ᠠᠶ ᠳᠠᠬᠢᠶ᠎ᠠ ᠲᠠᠷᠢᠶᠠᠴᠢᠨ ᠠᠶᠢᠯ ᠤᠨ ᠣᠷᠭᠠᠨᠢᠭ ᠪᠣᠬᠢᠷᠲᠤᠯ | ᠥᠬᠡᠶ ᠪᠣᠷᠲᠣᠭᠤᠷ ᠢ ᠴᠤᠭᠯᠠᠭᠤᠯᠵᠤ᠂ ᠪᠥᠬᠦ ᠰᠢᠶᠠᠨ ᠤ ᠲᠠᠷᠢᠶᠠᠴᠢᠨ ᠠᠶᠢᠯ ᠤᠨ ᠪᠣᠷᠲᠣᠭᠤᠷ ᠤᠨ ᠶᠡᠷᠦᠩᠬᠡᠶ ᠬᠡᠮᠵᠢᠶ᠎ᠡ | 60 ᠲᠦᠮᠡᠨ ᠲᠣᠨ ᠢ ᠳᠠᠪᠠᠪᠠ᠃ ᠡᠯ᠎ᠡ ᠲᠠᠷᠢᠮᠠᠯ ᠤᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ | ᠪᠦᠯᠦᠭᠯᠡᠯᠲᠦ ᠺᠣᠮᠫᠠᠨᠢ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ | ᠶᠣᠰᠣᠭᠠᠷ᠂ ᠰᠢᠨ᠎ᠡ ᠶᠠᠰᠤ ᠴᠢᠨᠠᠷ ᠤᠨ ︽ᠱᠢ ᠳ᠋ᠠᠨ ᠯᠢ︾᠂ ︽ᠹᠦ᠋ ᠸᠧ ᠶᠢᠨ ᠡᠭᠦᠳᠡᠨ ᠳᠤ ᠣᠷᠣᠬᠤ︾᠂ ︽ᠸᠧ | ᠶᠧ︾ ᠵᠡᠷᠭᠡ ᠣᠷᠭᠠᠨᠢᠭ ᠪᠢᠴᠢᠯ ᠪᠣᠷᠳᠣᠭᠤᠷ᠂ ᠨᠡᠶᠢᠯᠡᠮᠡᠯ ᠪᠣᠷᠳᠣᠭᠤᠷ ᠵᠡᠷᠭᠡ ᠶᠢ ᠶᠡᠭᠡ ᠬᠡᠮᠵᠢᠶ᠎ᠡ ᠪᠠᠷ ᠬᠡᠷᠡᠭᠯᠡᠵᠦ᠂ | ᠬᠠᠭᠤᠴᠢᠨ ᠬᠢᠮᠢ ᠶᠢᠨ ᠪᠣᠷᠳᠣᠭᠤᠷ ᠲᠠᠷᠢᠬᠤ ᠬᠦᠷᠢᠶᠡᠨ ᠠᠴᠠ ᠪᠠᠨ ᠠᠯᠬᠤᠮ ᠠᠯᠬᠤᠮ ᠢᠶᠠᠷ ᠤᠬᠤᠷᠢᠨ ᠭᠠᠷᠪᠠ᠃ | ᠵᠦᠸᠧᠽᠢ ᠰᠢᠶᠠᠨ ᠤ ᠰᠢ ᠯᠠᠨ ᠬᠤᠸᠠ ᠲᠠᠷᠢᠮᠠᠯ ᠤᠨ ᠰᠠᠭᠤᠷᠢᠨ ᠭᠠᠵᠠᠷ ᠥᠩᠭᠡᠷᠡᠭᠰᠡᠨ ᠳᠤ ᠵᠢᠯ ᠪᠦᠷᠢ | ᠬᠤᠳᠠᠯᠳᠤᠨ ᠠᠪᠤᠭᠰᠠᠨ ᠬᠢᠮᠢ ᠶᠢᠨ ᠪᠣᠷᠳᠣᠭᠤᠷ ᠤᠨ ᠶᠡᠷᠦᠩᠬᠡᠶ ᠬᠡᠮᠵᠢᠶ᠎ᠡ ᠨᠢ 50 ᠲᠦᠮᠡᠨ ᠵᠢᠩ ᠠᠴᠠ ᠳᠡᠭᠡᠭᠰᠢ | ᠪᠠᠶᠢᠪᠠ᠃ ᠡᠨᠡ ᠵᠢᠯ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠢᠵᠦ᠂ ᠰᠠᠭᠤᠷᠢᠨ ᠭᠠᠵᠠᠷ ᠨᠢ ᠡᠯ᠎ᠡ | ᠲᠣᠰᠬᠤᠨ ᠠᠴᠠ 5 ᠲᠦᠮᠡ ᠭᠠᠷᠤᠶ ᠲᠣᠨ ᠦᠬᠡᠷ ᠬᠤᠨᠢ ᠳᠠᠬᠢᠶ᠎ᠠ ᠭᠠᠭ᠋ᠠᠶ ᠬᠤᠳᠠᠯᠳᠤᠨ ᠠᠪᠴᠤ᠂ ᠰᠠᠭᠤᠷᠢ | ᠪᠤᠷᠳᠤᠭᠤᠷ ᠲᠠᠷᠢᠬᠤ ᠶᠢᠨ ᠬᠠᠮᠲᠤ ᠵᠠᠬ᠎ᠠ ᠳᠡᠯᠭᠡᠭᠦᠷ ᠠᠴᠠ ᠤᠰᠤᠨ ᠳᠤ ᠠᠭᠤᠰᠤᠭᠰᠠᠨ ᠣᠷᠭᠠᠨᠢᠭ ᠪᠢᠴᠢᠯ | ᠪᠤᠷᠳᠤᠭᠤᠷ ︽ᠲᠠᠷᠢᠶᠠᠨ ᠳᠤ ᠤᠷᠭᠤᠭᠤᠯᠵᠤ ᠪᠠᠶᠢᠨ᠎ᠠ︾᠂ ᠦᠨᠳᠦᠰᠦᠯᠡᠭᠰᠡᠨ ᠨᠢᠯᠬ᠎ᠠ ᠴᠢᠬᠢ ᠶᠢᠨ ᠠᠮᠢᠳᠤ | ᠪᠣᠳᠠᠰ ᠤᠨ ᠢᠰᠬᠡᠭᠦᠷ ︽ᠳᠠᠯᠠᠢ ᠶᠢᠨ ᠵᠠᠮᠠᠭ ᠤᠨ ᠣᠷᠭᠢᠬᠤ︾ ᠵᠡᠷᠭᠡ ᠰᠢᠨ᠎ᠡ ᠴᠢᠨᠠᠷ ᠤᠨ ᠪᠤᠷᠳᠤᠭᠤᠷ ᠢ ᠬᠤᠳᠠᠯᠳᠤᠨ | ᠠᠪᠬᠤ ᠳᠤ ᠬᠡᠷᠡᠭᠯᠡᠪᠡ᠃ ᠰᠠᠭᠤᠷᠢᠨ ᠭᠠᠵᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ | ᠪᠣᠬᠢᠷᠲᠤᠯ ᠥᠬᠡᠶ ᠣᠷᠭᠠᠨᠢᠭ ᠪᠣᠷᠲᠣᠭᠤᠷ ᠢᠶᠠᠷ ᠬᠦᠬᠡ ᠴᠡᠴᠡᠭ ᠳᠠᠷᠢᠵᠤ᠂ ᠬᠢᠮᠢ ᠶᠢᠨ ᠪᠣᠷᠲᠣᠭᠤᠷ ᠬᠤᠳᠠᠯᠳᠤᠨ | ᠠᠪᠬᠤ ᠶᠡᠭᠡ ᠬᠡᠮᠵᠢᠶᠡᠨ ᠤ ᠵᠠᠷᠤᠯᠭ᠎ᠠ ᠶᠢ ᠪᠠᠭᠠᠰᠬᠠᠭᠰᠠᠨ ᠢᠶᠠᠷ ᠪᠠᠷᠠᠬᠤ ᠥᠬᠡᠶ᠂ ᠳᠠᠷᠢᠭᠰᠠᠨ ᠰᠢ ᠯᠠᠨ ᠬᠤᠸᠠ᠂ | ᠮᠢᠶᠣᠣ ᠴᠢ ᠮᠢᠶᠣᠣ ᠵᠤᠵᠠᠭᠠᠨ᠂ ᠭᠠᠷᠤᠯᠲᠠ ᠨᠢ ᠳᠠᠬᠢᠨ ᠢᠶᠠᠷ ᠨᠡᠮᠡᠭᠳᠡᠵᠦ᠂ ᠦᠢᠯᠡᠳᠬᠦᠨ ᠤ ᠶᠠᠰᠤ ᠴᠢᠨᠠᠷ ᠨᠢ ᠰᠠᠶᠢᠨ | ᠪᠠᠶᠢᠨ᠎ᠠ ᠭᠡᠵᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ |