ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠢᠶᠠᠩ ᠪᠠᠯᠭᠠᠰᠤᠨ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
    5 ᠳ᠋ᠤᠭᠠᠷ ᠰᠠᠷ᠎ᠠ ᠪᠣᠯ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠪᠣᠯᠤᠨ᠎ᠠ᠃ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠣᠷᠣᠨ ᠢ ᠪᠠᠲᠤ ᠴᠣᠭᠴᠠᠯᠠᠬᠤ︾ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ᠤᠯᠠᠨ ᠲᠦᠮᠡᠨᠴᠢᠯᠡᠬᠦ᠂ ᠵᠦᠷᠢᠶᠡᠴᠢᠯᠡᠭᠰᠡᠨ ᠠᠷᠭ᠎ᠠ ᠬᠡᠯᠪᠡᠷᠢ ᠶᠢ ᠠᠪᠴᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ︽8 + N ᠣᠷᠣᠭᠤᠯᠬᠤ︾ ᠠᠵᠢᠯᠯᠠᠭ᠎ᠠ ᠶᠢ ᠶᠡᠬᠡᠪᠡᠷ ᠥᠷᠨᠢᠭᠦᠯᠪᠡ᠃ 5 ᠰᠠᠷ᠎ᠠ ᠶᠢᠨ 15 ᠤ ᠡᠳᠦᠷ᠂ ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠠᠶᠠᠨᠰᠢᠯᠢ ᠪᠠᠯᠭᠠᠰᠤᠨ ᠤ ᠵᠤᠤ ᠮᠢᠶᠣᠣ ᠲᠣᠰᠬᠤᠨ ᠳᠤ ᠭᠦᠨᠵᠡᠭᠡᠶᠢᠷᠡᠨ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠢᠶᠠᠩ ᠪᠠᠯᠭᠠᠰᠤᠨ ᠳᠤ ᠣᠷᠣᠭᠤᠯᠬᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠪᠠᠶᠠᠨᠰᠢᠯᠢ ᠪᠠᠯᠭᠠᠰᠤᠨ ᠤ ᠵᠤᠤ ᠮᠢᠶᠣᠣ ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠬᠦᠷ ᠬᠥᠭᠵᠢᠶᠡᠨ ᠲᠠᠢ ᠶᠠᠩᠭᠠᠷ ᠪᠥᠵᠢᠭ ᠤᠨ ᠲᠣᠭᠯᠠᠯᠲᠠ ᠪᠠᠷ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠡᠬᠢᠯᠡᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠤᠬᠠᠭᠤᠯᠭ᠎ᠠ ᠶᠢᠨ ᠳᠡᠪᠲᠡᠷ᠂ ᠦᠨᠳᠦᠰᠦᠲᠡᠨ ᠤ ᠣᠨᠣᠯ ᠮᠡᠳᠡᠬᠦ ᠶᠣᠰᠣᠲᠠᠶ ᠤᠬᠠᠭᠤᠯᠭ᠎ᠠ ᠶᠢᠨ ᠬᠠᠭᠤᠳᠠᠰᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠠᠷᠮᠠᠨ ᠪᠢᠴᠢᠭ ᠵᠢᠴᠢ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠤᠬᠠᠭᠤᠯᠭ᠎ᠠ ᠶᠢᠨ ᠮᠠᠲ᠋ᠧᠷᠢᠶᠠᠯ ᠢ 200 ᠭᠠᠷᠤᠶ ᠬᠤᠪᠢ ᠲᠠᠷᠬᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠨᠣᠰᠴᠤ ᠣᠶᠢᠯᠠᠭᠠᠬᠤ᠂ ᠣᠶᠢᠯᠠᠭᠠᠵᠤ ᠴᠢᠳᠠᠬᠤ᠂ ᠦᠶ᠋ᠯᠡᠳᠦᠯᠭᠡᠵᠢᠭᠦᠯᠬᠦ ᠦᠭᠡ ᠪᠠᠷ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡᠨ ᠬᠠᠮᠲᠤ︾᠂ ︽ᠬᠠᠮᠲᠤ ᠪᠠᠷ ᠵᠥᠪᠰᠢᠶᠡᠷᠡᠬᠦ︾᠂ ︽ᠲᠠᠪᠤᠨ ᠦᠵᠡᠯᠲᠡ︾ ᠪᠠ ︽ᠳᠣᠯᠤᠭ᠎ᠠ ᠶᠢ ᠮᠡᠳᠡᠷᠡᠬᠦ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠪᠠᠷ ᠤᠬᠠᠭᠤᠯᠤᠨ ᠲᠠᠶᠢᠯᠪᠤᠷᠢᠯᠠᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠡᠭᠡᠯ ᠠᠷᠠᠳ ᠤᠨ ᠬᠡᠷ ᠲᠤ ᠬᠦᠷᠭᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠡᠷ ᠤᠨ ᠡᠭᠦᠳᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠬᠠᠮᠰᠠᠷ ᠤᠨ ᠬᠥᠮᠦᠵᠢᠯ ᠬᠦᠷᠲᠡᠭᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠶᠢ ᠲᠠᠰᠤᠷᠠᠯᠲᠠ ᠥᠬᠡᠶ ᠠᠬᠢᠭᠤᠯᠪᠠ᠃        ᠵᠦᠸᠧᠽᠢ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠠᠷᠭ᠎ᠠ ᠬᠡᠯᠪᠡᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ᠃                                               ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2