ᠪᠠᠶᠠᠨᠰᠢᠯᠢ ᠪᠠᠯᠭᠠᠰᠤ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠤᠯᠢ ᠬᠡᠷᠡᠭᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/22
    ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠠᠮᠢ ᠠᠬᠤᠶ ᠶᠢᠨ ᠣᠨᠣᠯᠵᠢᠬᠤᠨ ᠢ ᠪᠣᠶ ᠪᠣᠯᠭᠠᠨ ᠦᠢᠯᠡᠳᠦᠯᠭᠡᠵᠢᠭᠦᠯᠵᠦ᠂ ᠮᠠᠯ ᠠᠵᠤ ᠠᠬᠤᠶ ᠶᠢᠨ ᠬᠥᠭᠵᠢᠯᠲᠡ ᠶᠢ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠲᠠᠢ ᠵᠣᠬᠢᠴᠠᠭᠤᠯᠬᠤ ᠶᠢ ᠳᠥᠯᠭᠢᠨ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨ ᠬᠦ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ ᠪᠠᠶᠠᠨᠰᠢᠯᠢ ᠪᠠᠯᠭᠠᠰᠤᠨ ᠤ ︽ᠶᠠᠩ ᠫᠦᠸᠧ ᠸᠠᠨ ᠸᠠᠨ︾ ᠤᠬᠠᠭᠤᠯᠤᠨ ᠲᠠᠶᠢᠯᠪᠤᠷᠢᠯᠠᠬᠤ ᠪᠦᠯᠬᠦᠮ ᠪᠣᠯᠤᠨ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠡᠯ᠎ᠡ ᠲᠣᠰᠬᠤᠨ ᠳᠤ ᠬᠦᠷᠴᠦ ᠪᠡᠯᠴᠢᠭᠡᠷᠯᠡᠭᠦᠯᠬᠦ ᠶᠢ ᠴᠠᠭᠠᠵᠠᠯᠠᠬᠤ᠂ ᠬᠠᠤᠯᠢ ᠬᠡᠷᠡᠭᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃        ᠤᠬᠠᠭᠤᠯᠤᠨ ᠲᠠᠶᠢᠯᠪᠤᠷᠢᠯᠠᠬᠤ ᠲᠤᠬᠠᠢ ᠶᠢᠨ ᠲᠠᠯᠠᠪᠠᠢ ᠳᠤ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ᠂ ᠡᠯ᠎ᠡ ᠠᠶᠢᠯ ᠲᠣᠰᠬᠤᠨ ᠤ ᠳᠠᠷᠤᠭ᠎ᠠ ᠵᠢᠴᠢ ᠲᠡᠵᠢᠭᠡᠨ ᠦᠷᠡᠵᠢᠭᠦᠯᠬᠦ ᠡᠷᠦᠬᠡ ᠴᠥᠮ ᠢᠳᠡᠪᠬᠢᠲᠡᠢ ᠣᠷᠣᠯᠴᠠᠵᠤ᠂ ᠠᠵᠢᠯᠲᠠᠳ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠴᠢ ᠲᠠᠷᠢᠶᠠᠨ ᠭᠠᠵᠠᠷ ᠢ ᠡᠵᠡᠯᠡᠨ ᠭᠡᠷ ᠪᠠᠷᠢᠬᠤ᠂ ᠳᠤᠷ᠎ᠠ ᠪᠠᠷ ᠢᠶᠠᠨ ᠪᠠᠷᠢᠵᠤ ᠪᠠᠷᠢᠬᠤ᠂ ᠳᠤᠷ᠎ᠠ ᠪᠠᠷ ᠢᠶᠠᠨ ᠠᠲᠠᠷ ᠬᠠᠭᠠᠯᠪᠤᠷᠢᠯᠠᠬᠤ᠂ ᠭᠠᠵᠠᠷ ᠰᠢᠷᠣᠢ ᠶᠢᠨ ᠰᠢᠨᠵᠢ ᠴᠢᠨᠠᠷ ᠢ ᠬᠤᠪᠢᠷᠠᠭᠤᠯᠬᠤ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠵᠥᠷᠢᠴᠡᠭᠰᠡᠨ ᠵᠡᠷᠭᠡ ᠳᠤ ᠲᠠᠶᠢᠯᠤᠮᠵᠢ ᠬᠢᠵᠡᠢ᠃ ᠨᠢᠭᠡ ᠳᠤ᠂ ᠤᠯᠠᠨ ᠲᠦᠮᠡᠨ ᠤ ᠬᠠᠤᠯᠢ ᠶᠢ ᠣᠶᠢᠯᠠᠭᠠᠵᠤ ᠬᠠᠤᠯᠢ ᠶᠢ ᠰᠠᠬᠢᠬᠤ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠶᠢ ᠵᠥᠷᠢᠴᠡᠭᠰᠡᠨ ᠵᠢᠷᠤᠭ ᠲᠣᠯᠪᠤ ᠶᠢᠨ ᠡᠭᠦᠰᠬᠦ ᠶᠢ ᠡᠬᠢ ᠡᠭᠦᠰᠦᠯ ᠠᠴᠠ ᠨᠢ ᠪᠠᠭᠠᠰᠬᠠᠨ᠎ᠠ᠃ ᠬᠤᠶᠠᠷ ᠲᠤ᠂ ᠡᠯ᠎ᠡ ᠲᠣᠰᠬᠤᠨ ᠤ ᠲᠡᠵᠢᠭᠡᠨ ᠦᠷᠡᠵᠢᠭᠦᠯᠬᠦ ᠡᠷᠦᠬᠡ ᠶᠢᠨ ᠬᠠᠰᠢᠶᠠᠯᠠᠨ ᠲᠡᠵᠢᠭᠡᠵᠦ ᠮᠠᠯᠯᠠᠬᠤ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠵᠣᠷᠢᠭᠵᠢᠭᠤᠯᠵᠤ᠂ ᠲᠡᠵᠢᠭᠡᠯ ᠡᠪᠡᠰᠦ ᠪᠣᠷᠳᠤᠭ᠎ᠠ ᠶᠢᠨ ᠦᠢᠯᠡᠳᠪᠦᠷᠢᠯᠡᠯ ᠨᠥᠭᠡᠴᠡ ᠶᠢ ᠴᠢᠩᠭᠠᠳᠬᠠᠵᠤ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠡᠷᠴᠢᠮᠵᠢᠭᠦᠯᠬᠦ᠂ ᠣᠳᠣᠬᠢᠴᠢᠯᠠᠭᠰᠠᠨ ᠲᠡᠵᠢᠭᠡᠨ ᠦᠷᠡᠵᠢᠭᠦᠯᠬᠦ ᠶᠢ ᠢᠳᠡᠪᠬᠢᠲᠡᠢ ᠬᠥᠭᠵᠢᠭᠦᠯᠦᠨ᠎ᠡ᠃ ᠭᠤᠷᠪᠠ ᠳᠤ᠂ ᠬᠠᠰᠢᠶᠠᠯᠠᠨ ᠲᠡᠵᠢᠭᠡᠵᠦ ᠦᠷᠡᠵᠢᠭᠦᠯᠬᠦ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠬᠥᠭᠵᠢᠭᠦᠯᠵᠦ᠂ ᠮᠠᠯ ᠪᠡᠯᠴᠢᠭᠡᠷ ᠤᠨ ᠠᠵᠤ ᠦᠢᠯᠡᠰ ᠢ ᠲᠡᠳᠬᠦᠨ ᠪᠤᠵᠠᠭᠠᠶᠢᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠢᠲᠡᠭᠦᠮᠵᠢᠯᠡᠨ ᠪᠤᠶᠢᠵᠢᠭᠤᠯᠬᠤ ᠪᠠ ᠬᠠᠰᠢᠶᠠᠯᠠᠨ ᠲᠡᠵᠢᠭᠡᠵᠦ ᠦᠷᠡᠵᠢᠭᠦᠯᠬᠦ ᠶᠢᠨ ︽ᠬᠤᠣᠰ ᠠᠮᠵᠢᠯᠲᠠ︾ ᠶᠢᠨ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠃ ᠳᠠᠷᠠᠭ᠎ᠠ ᠨᠢ᠂ ᠠᠵᠢᠯᠲᠠᠳ ᠪᠠᠰᠠ 600 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠪᠠ᠃    ᠲᠠᠷᠠᠭᠠᠴᠢ ᠶᠢᠨ ᠠᠯᠬᠤᠮ ᠳᠤ᠂ ᠪᠠᠶᠠᠨᠰᠢᠯᠢ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠩᠭᠢ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠠᠷᠢᠶᠠᠨ ᠭᠠᠵᠠᠷ ᠢ ᠡᠵᠡᠯᠡᠨ ᠬᠡᠷ ᠪᠠᠷᠢᠬᠤ᠂ ᠳᠤᠷ᠎ᠠ ᠪᠠᠷ ᠢᠶᠠᠨ ᠪᠠᠷᠢᠵᠤ ᠪᠠᠶᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ ᠬᠤᠷᠢᠭᠯᠠᠨ ᠵᠣᠭᠰᠣᠭᠠᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠡᠷᠡᠰ ᠰᠠᠬᠢᠵᠤ᠂ ᠬᠠᠤᠯᠢ ᠠᠴᠠ ᠵᠥᠷᠢᠴᠡᠭᠰᠡᠨ ᠵᠢᠷᠤᠭ ᠲᠣᠯᠪᠤ ᠶᠢᠨ ᠦᠶ᠋ᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠬᠠᠤᠯᠢ ᠠᠴᠠ ᠵᠥᠷᠢᠴᠡᠭᠰᠡᠨ ᠵᠢᠷᠤᠭ ᠲᠣᠯᠪᠤ ᠶᠢ ᠴᠡᠭᠴᠡᠯᠡᠨ ᠵᠠᠰᠠᠬᠤ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠪᠠ᠃ ᠲᠣᠭᠲᠠᠭᠠᠯ ᠠᠴᠠ ᠵᠥᠷᠢᠴᠡᠨ ᠮᠠᠯ ᠮᠠᠯᠵᠢᠭᠰᠠᠳ ᠢ ᠦᠢᠯᠡ ᠪᠠᠶᠢᠳᠠᠯ ᠢ ᠨᠢ ᠦᠨᠳᠦᠰᠦᠯᠡᠨ ᠬᠠᠤᠯᠢ ᠲᠣᠭᠲᠠᠭᠠᠯ ᠶᠣᠰᠣᠭᠠᠷ ᠰᠢᠢᠳᠭᠡᠨ ᠲᠣᠷᠭᠠᠬᠤ ᠶᠢᠨ ᠬᠠᠮᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠨ᠂ ᠲᠣᠰᠬᠤᠨ ᠤ ᠠᠷᠠᠳ ᠤᠨ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠨᠡᠮᠡᠭᠳᠡᠭᠦᠯᠵᠦ᠂ ᠥᠷᠭᠡᠨ ᠣᠯᠠᠨ ᠲᠦᠮᠡᠨ ᠳᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢ ᠬᠠᠮᠠᠭᠠᠯᠠᠬᠤ ᠶᠢᠨ ᠴᠢᠬᠤᠯᠠ ᠠᠴᠢ ᠬᠤᠯᠪᠣᠭᠳᠠᠯ ᠢ ᠦᠨᠡᠨᠬᠦ ᠲᠠᠨᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠭᠡᠯ ᠢ ᠦᠨᠡᠨᠬᠦ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠪᠠᠶᠠᠨᠰᠢᠯᠢ ᠶᠢᠨ ᠰᠠᠭᠤᠷᠢ ᠶᠢ ᠪᠠᠬᠢᠵᠢᠭᠦᠯᠦᠨ᠎ᠡ᠃
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2