ᠬᠤᠩ ᠵᠤᠤ ᠰᠢᠶᠠᠩ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠠᠷᠠᠳ ᠤᠨ ᠪᠠᠶᠢᠳᠠᠯ ᠢ ᠭᠦᠨᠵᠡᠭᠡᠶ ᠪᠠᠶᠢᠴᠠᠭᠠᠵᠤ ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/5/22
    ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠠᠷᠠᠳ ᠲᠦᠮᠡᠨ ᠳᠤ ᠦᠶ᠋ᠯᠡᠴᠢᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 5 ᠰᠠᠷ᠎ᠠ ᠶᠢᠨ 14 ᠤ ᠡᠳᠦᠷ᠂ ᠬᠤᠩ ᠵᠣᠣ ᠰᠢᠶᠠᠩ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠵᠣᠬᠢᠶᠠᠨ ᠪᠠᠶᠢᠭᠤᠯᠤᠨ ᠶᠠᠷᠢᠯᠴᠠᠨ ᠰᠣᠯᠢᠯᠴᠠᠬᠤ᠂ ᠲᠤᠰᠬᠠᠶ ᠰᠡᠳᠦᠪᠲᠦ ᠨᠠᠮ ᠤᠨ ᠬᠢᠴᠢᠶᠡᠯ᠂ ᠲᠥᠪᠯᠡᠷᠡᠭᠦᠯᠦᠨ ᠪᠠᠶᠢᠴᠠᠭᠠᠨ ᠦᠵᠡᠬᠦ᠂ ᠰᠤᠷᠪᠤᠯᠵᠢᠯᠠᠨ ᠪᠠᠶᠢᠴᠠᠭᠠᠨ ᠰᠤᠳᠤᠯᠬᠤ ᠵᠡᠷᠭᠡ ᠬᠡᠯᠪᠡᠷᠢ ᠪᠠᠷ ᠰᠢᠷᠢᠰ ᠠᠵᠢᠯᠯᠠᠭ᠎ᠠ ᠥᠷᠨᠢᠭᠦᠯᠪᠡ᠃    ᠭᠡᠷᠡᠯ ᠵᠢᠷᠤᠭ    ᠶᠠᠷᠢᠯᠴᠠᠬᠤ ᠬᠤᠷᠠᠯ ᠳᠡᠭᠡᠷ᠎ᠡ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠣᠯᠠᠨ ᠲᠦᠮᠡᠨ ᠳᠤ ᠦᠶ᠋ᠯᠡᠴᠢᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠦᠶ᠋ᠯᠡᠳᠦᠯ ᠢ ᠬᠡᠷᠬᠢᠨ ᠰᠠᠶᠢᠲᠤᠷ ᠪᠠᠳᠠᠷᠠᠭᠤᠯᠬᠤ ᠶᠢᠨ ᠲᠣᠭᠤᠷᠢᠨ ᠳᠤ ᠭᠦᠨᠵᠡᠭᠡᠶ ᠰᠣᠯᠢᠯᠴᠠᠪᠠ᠃ ᠲᠤᠰᠬᠠᠶ ᠰᠡᠳᠦᠪᠲᠦ ᠨᠠᠮ ᠤᠨ ᠬᠢᠴᠢᠶᠡᠯ ᠳᠤ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ ᠪᠠ ᠲᠦᠷᠢᠮ ᠢ ᠵᠢᠭᠠᠵᠤ᠂ ᠲᠥᠯᠥᠭᠡᠯᠡᠭᠴᠢ ᠭᠡᠰᠢᠭᠦᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠲᠥᠯᠦᠨ ᠵᠢᠯᠣᠭᠤᠳᠴᠤ᠂ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ ᠡᠭᠡᠯᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠪᠡ    ᠭᠡᠷᠡᠯ ᠵᠢᠷᠤᠭ    ᠲᠥᠯᠥᠭᠡᠯᠡᠭᠴᠢᠳ᠂ ᠭᠡᠰᠢᠭᠦᠳ ᠤᠷᠢᠳ ᠬᠤᠵᠢᠳ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ᠂ ᠳ᠋ᠦᠩ ᠹᠧᠩ ᠲᠣᠰᠬᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠯᠪᠣᠭ᠎ᠠ ᠠᠪᠬᠤ ᠥᠷᠲᠡᠭᠡ ᠵᠢᠴᠢ ᠬᠤᠩ ᠵᠤᠤ ᠰᠢᠶᠠᠩ ᠤᠨ ᠦᠬᠡᠷ ᠬᠤᠨᠢᠨ ᠮᠢᠬ᠎ᠠ ᠨᠢᠲᠤᠯᠬᠤ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠬᠦᠷᠦᠭᠰᠡᠨ ᠭᠠᠵᠠᠷ ᠪᠣᠯᠭᠠᠨ ᠳᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠲᠤᠰ ᠲᠤᠰ ᠬᠥᠭᠵᠢᠯᠲᠡ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠬᠠᠷᠠᠯᠲᠠ ᠶᠢᠨ ᠦᠷ᠎ᠡ ᠪᠦᠲᠦᠮᠵᠢ ᠵᠡᠷᠭᠡ ᠪᠠᠶᠢᠳᠠᠯ ᠤᠨ ᠲᠤᠬᠠᠢ ᠨᠠᠷᠢᠨ ᠲᠠᠨᠢᠯᠴᠠᠭᠤᠯᠵᠤ᠂ ᠲᠥᠯᠥᠭᠡᠯᠡᠭᠴᠢ ᠭᠡᠰᠢᠭᠦᠳ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠢᠳᠡᠪᠬᠢᠲᠡᠢ ᠪᠠᠷ ᠰᠣᠯᠢᠯᠴᠠᠨ ᠶᠠᠷᠢᠯᠴᠠᠵᠤ᠂ ᠰᠠᠨᠠᠯ ᠰᠠᠨᠠᠭᠤᠯᠭ᠎ᠠ ᠳᠤᠷᠠᠳᠴᠠᠢ᠃    ᠳᠠᠷᠠᠭᠠᠴᠢ ᠶᠢᠨ ᠠᠯᠬᠤᠮ ᠳᠤ᠂ ᠬᠤᠩ ᠵᠤᠤ ᠰᠢᠶᠠᠩ ᠲᠥᠯᠥᠭᠡᠯᠡᠭᠴᠢᠳ ᠤᠨ ᠠᠵᠢᠯᠯᠠᠭ᠎ᠠ ᠶᠢᠨ ᠠᠷᠭ᠎ᠠ ᠬᠡᠯᠪᠡᠷᠢ ᠪᠠᠨ ᠤᠯᠠᠮ ᠴᠢᠨᠠᠭᠰᠢᠳᠠ ᠰᠢᠨᠡᠴᠢᠯᠡᠵᠦ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠷᠭ᠎ᠠ ᠵᠠᠮ ᠢᠶᠠᠨ ᠥᠷᠭᠡᠳᠬᠡᠵᠦ᠂ ᠲᠥᠯᠥᠭᠡᠯᠡᠭᠴᠢᠳ ᠤᠨ ᠠᠵᠢᠯᠯᠠᠭ᠎ᠠ ᠶᠢ ᠴᠢᠨᠠᠷ ᠰᠠᠶᠢᠲᠠᠢ ᠥᠷᠨᠢᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠢ ᠨᠢᠭᠡᠳᠦᠭᠡᠷ ᠹᠷᠣᠨᠲ ᠲᠤ ᠭᠦᠨᠵᠡᠭᠡᠶᠢᠷᠡᠭᠦᠯᠬᠦ ᠶᠢ ᠢᠳᠡᠪᠬᠢᠲᠡᠢ ᠠᠬᠢᠭᠤᠯᠵᠤ᠂ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠵᠦ᠂ ᠪᠦᠬᠦ ᠰᠢᠶᠠᠩ ᠤᠨ ᠡᠯ᠎ᠡ ᠵᠦᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠳᠤ ᠬᠠᠮᠲᠤ ᠶᠢᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃                                               ᠨᠠᠶᠢᠷᠠᠭᠤᠯᠤᠭᠴᠢ  ᠤᠷᠴᠢᠭᠤᠯᠤᠭᠴᠢ  ᠪᠠᠶᠠᠨᠪᠠᠲᠦ
 
ᠢᠷᠡᠯᠲᠡ᠄ ᠵᠦᠸᠧᠽᠢ ᠰᠢᠶᠡᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备13000402号-2