5 ᠰᠠᠷ᠎ᠠ ᠶᠢᠨ 20 ᠤ ᠡᠳᠦᠷ᠂ ᠵᠦᠸᠧᠽᠢ ᠰᠢᠶᠠᠨ ᠤ ᠵᠡᠮᠳᠡᠭᠴᠦᠳ ᠤᠨ ᠬᠤᠯᠪᠣᠭ᠎ᠠ ᠰᠢᠶᠠᠨ ᠤ ᠬᠢᠲᠠᠳ | ᠮᠣᠩᠭᠤᠯ ᠤᠨ ᠡᠮᠨᠡᠯᠭᠡ ᠶᠢᠨ ᠬᠤᠷᠢᠶ᠎ᠠ ᠪᠣᠯᠤᠨ ᠥᠪᠥᠷ ᠮᠣᠩᠭᠤᠯ ᠤᠨ ᠹᠸᠢ ᠮᠧᠩ ᠵᠡᠮᠳᠡᠭᠴᠦᠳ ᠤᠨ ᠰᠦᠯᠵᠢᠶᠡᠨ ᠤ | ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠲᠠᠢ ᠬᠠᠮᠲᠤᠷᠠᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠵᠡᠮᠳᠡᠭᠴᠦᠳ ᠢ ᠲᠤᠰᠠᠯᠠᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠡᠳ᠋ᠯᠡᠬᠦ︾ ᠪᠠᠷ ᠭᠤᠣᠯ ᠰᠡᠳᠦᠪ | ᠪᠣᠯᠭᠠᠭᠰᠠᠨ ︽ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ︾ ᠤᠨ ᠠᠵᠢᠯᠯᠠᠭ᠎ᠠ ᠶᠢ ᠡᠷᠬᠢᠯᠡᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ 15 ᠨᠡᠷᠡᠰ ᠬᠡᠷᠡᠭᠴᠡᠭᠡ ᠱᠠᠭᠠᠷᠳᠠᠯᠭ᠎ᠠ ᠲᠠᠢ ᠪᠥᠭᠡᠳ | ᠨᠥᠬᠦᠴᠡᠯ ᠳᠤ ᠨᠡᠶᠢᠴᠡᠬᠦ ᠰᠣᠨᠣᠷ ᠤᠨ ᠰᠠᠭᠠᠳ ᠲᠠᠢ ᠬᠥᠮᠦᠰ ᠲᠤ ᠰᠣᠨᠣᠷ ᠲᠣᠳᠣᠳᠬᠠᠭᠤᠷ ᠢ ᠦᠨ᠎ᠡ ᠲᠥᠯᠥᠪᠦᠷᠢ | ᠥᠬᠡᠶ ᠪᠠᠷ ᠳᠣᠭᠢᠷᠠᠭᠤᠯᠬᠤ ᠶᠢᠨ ᠬᠠᠮᠲᠤ ᠵᠢᠷᠤᠮ ᠤᠨ ᠡᠮᠴᠢᠯᠡᠭᠡ ᠬᠢᠵᠦ᠂ ᠠᠵᠢᠯᠯᠠᠭ᠎ᠠ ᠳᠤ ᠣᠷᠣᠯᠴᠠᠭᠰᠠᠨ ᠵᠡᠮᠳᠡᠭ | ᠬᠥᠮᠦᠰ ᠲᠤ ᠰᠢᠶᠤᠤ ᠳ᠋ᠦ᠋ ᠳᠠᠭᠤᠨ ᠤ ᠬᠠᠶᠢᠷᠴᠠᠭ ᠪᠠ ᠨᠣᠮ ᠰᠣᠨᠣᠰᠬᠤ ᠮᠠᠰᠢᠨ ᠣᠯᠭᠤᠵᠤ᠂ ᠲᠡᠳᠡᠨ ᠢ ᠬᠠᠪᠰᠤᠷᠤᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠪᠴᠢᠷᠠᠭᠰᠠᠨ ᠲᠥᠬᠦᠮ ᠨᠥᠬᠦᠴᠡᠯ ᠢ ᠨᠠᠩ ᠰᠠᠶᠢᠲᠤᠷ ᠡᠳ᠋ᠯᠡᠭᠦᠯᠪᠡ᠃ | ᠠᠵᠢᠯᠯᠠᠭ᠎ᠠ ᠶᠢᠨ ᠶᠠᠪᠤᠴᠠ ᠳᠤ᠂ ᠪᠡᠭᠡᠵᠢᠩ ᠤᠨ ᠴᠤᠤᠶᠠᠩ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠠᠰᠠ | ᠵᠦᠸᠧᠽᠢ ᠰᠢᠶᠠᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠳᠤ 19 ᠲᠦᠮᠡᠨ ᠲᠥᠭᠦᠷᠢᠭ ᠤᠨ ᠥᠷᠲᠡᠭ | ᠪᠦᠬᠦᠢ ᠡᠮᠴᠢᠯᠡᠭᠡᠨ ᠤ ᠡᠳ᠋ ᠪᠣᠳᠠᠰ ᠬᠠᠨᠳᠢᠪᠯᠠᠵᠤ᠂ ᠲᠤᠬᠠᠢ ᠶᠢᠨ ᠭᠠᠵᠠᠷ ᠤᠨ ᠵᠡᠮᠳᠡᠭᠴᠦᠳ ᠤᠨ ᠡᠷᠡᠭᠦᠯᠵᠢᠯ ᠤᠨ | ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠪᠠ᠃ | ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠲᠤᠬᠠᠶ ᠶᠢᠨ ᠭᠠᠵᠠᠷ ᠤᠨ ᠵᠡᠮᠳᠡᠭᠴᠦᠳ ᠤᠨ ᠣᠯᠠᠨ | ᠲᠠᠯ᠎ᠠ ᠶᠢᠨ ᠬᠠᠪᠰᠤᠷᠤᠯᠭ᠎ᠠ ᠳᠡᠮᠵᠢᠯᠭᠡ ᠦᠵᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠨᠡᠶᠢᠭᠡᠮ ᠤᠨ ᠡᠯ᠎ᠡ | ᠡᠲᠡᠭᠡᠳ ᠤᠨ ᠵᠡᠮᠳᠡᠭᠴᠦᠳ ᠤᠨ ᠲᠤᠬᠠᠶ ᠣᠶᠢᠯᠠᠭᠠᠯᠲᠠ ᠪᠠ ᠬᠠᠶᠢᠷ᠎ᠠ ᠬᠠᠯᠠᠮᠵᠢ ᠶᠢ ᠤᠯᠠᠮ ᠨᠢᠭᠡ ᠠᠯᠬᠤᠮ | ᠨᠡᠮᠡᠭᠳᠡᠭᠦᠯᠦᠭᠰᠡᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ᠂ ᠡᠮᠴᠢᠯᠡᠭᠡᠨ ᠤ ᠪᠠᠲᠤᠯᠠᠭ᠎ᠠ | ᠂ ᠠᠵᠢᠯ ᠣᠯᠭᠤᠯᠲᠠ ᠪᠠᠷ ᠲᠡᠳᠬᠦᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠵᠡᠮᠳᠡᠭᠴᠦᠳ ᠤᠨ | ᠨᠡᠶᠢᠭᠡᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠲᠡᠳᠡᠨ ᠳᠤ ᠨᠠᠩ ᠲᠥᠪ ᠭᠤᠤᠯᠴᠢ᠂ ᠰᠠᠭᠠᠳ | ᠥᠬᠡᠶ ᠠᠮᠢᠳᠤᠷᠠᠯ ᠤᠨ ᠣᠷᠴᠢᠨ ᠨᠥᠬᠦᠴᠡᠯ ᠢ ᠪᠣᠶ ᠪᠣᠯᠭᠠᠵᠤ ᠥᠭᠴᠡᠶ᠃ | ᠨᠠᠶᠢᠷᠠᠭᠤᠯᠤᠭᠴᠢ ᠤᠷᠴᠢᠭᠤᠯᠤᠭᠴᠢ ᠪᠠᠶᠠᠨᠪᠠᠲᠦ | |